9 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠲᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ ︽ᠤᠮᠠᠷᠠᠲᠤ ᠬᠢᠯᠢ ᠶᠢᠨ ᠰᠣᠶᠣᠯ︾ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠬᠤ ᠵᠢᠴᠢ ᠠᠳᠠᠯ ᠦᠢᠯᠡᠰ ᠴᠣᠭᠴᠠᠯᠠᠬᠤ ᠰᠣᠶᠣᠯ ᠢ ᠪᠠᠳᠠᠷᠠᠭᠤᠯᠬᠤ ᠲᠤᠰᠬᠠᠶ | ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠲᠦᠩᠯᠢᠶᠣᠤ ᠬᠤᠳᠠ ᠶᠢᠨ ᠤᠳᠬ᠎ᠠ | ᠤᠷᠠᠯᠢᠭ ᠤᠨ ᠬᠢᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠨᠢᠩ ᠯᠢ ᠰᠢᠨ᠂ ᠲᠦᠩᠯᠢᠶᠣᠤ ᠬᠤᠳᠠ ᠶᠢᠨ ᠤᠳᠬ᠎ᠠ | ᠤᠷᠠᠯᠢᠭ ᠤᠨ ᠰᠢᠭᠦᠮᠵᠢ ᠶᠢᠨ ᠨᠡᠶᠢᠭᠡᠮᠯᠢᠭ ᠤᠨ ᠲᠡᠷᠢᠭᠦᠯᠡᠭᠴᠢ ᠯᠢᠦ ᠮᠧᠢ ᠴᠧᠩ ᠤᠷᠢᠯᠭ᠎ᠠ ᠪᠠᠷ ᠣᠷᠣᠯᠴᠠᠵᠤ᠂ | ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ᠂ ᠬᠤᠳᠠ ᠶᠢᠨ ᠰᠣᠶᠣᠯ ᠵᠤᠭᠠᠴᠠᠯ ᠤᠨ ᠲᠤᠪᠴᠢᠶ᠎ᠠ᠂ ᠬᠤᠳᠠ ᠶᠢᠨ ᠤᠳᠬ᠎ᠠ | ᠤᠷᠠᠯᠢᠭ ᠤᠨ ᠬᠢᠨ ᠤ ᠬᠤᠯᠪᠣᠭ᠎ᠠ᠂ ᠬᠤᠳᠠ ᠶᠢᠨ ᠳᠠᠩᠰᠠ ᠡᠪᠬᠡᠮᠡᠯ ᠤᠨ ᠣᠷᠳᠣᠨ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠵᠢᠴᠢ ᠬᠤᠤᠯᠢᠩᠭᠤᠤᠯ ᠤᠨ ᠬᠠᠭᠤᠴᠢᠨ ᠦᠢᠯᠡᠰ | ᠪᠤᠰᠬᠠᠭᠴᠢᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠶᠠᠨ ᠾᠦᠢ ᠪᠠᠶᠠᠷ ᠤᠨ ᠦᠭᠡ ᠬᠡᠯᠡᠵᠡᠶ᠃ | | | | | | | ᠯᠢ ᠵᠢᠶᠠᠨ ᠾᠦᠢ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ︽ᠤᠮᠠᠷᠠᠲᠤ ᠬᠢᠯᠢ ᠶᠢᠨ ᠰᠣᠶᠣᠯ︾ | ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠨᠢ ᠮᠠᠨ ᠤ ᠬᠤᠲᠠ ᠶᠢᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠰᠣᠶᠣᠯ ᠤᠨ ᠢᠲᠡᠭᠡᠯ ᠢᠶᠠᠨ ᠪᠠᠲᠤᠳᠬᠠᠬᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ | ᠨᠡᠮᠡᠭᠳᠡᠭᠦᠯᠬᠦ᠂ ᠦᠨᠳᠦᠰᠦᠲᠡᠨ ᠤ ᠬᠦᠴᠦᠨ ᠢ ᠨᠢᠭᠲᠠᠷᠠᠭᠤᠯᠬᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ᠂ | ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠳᠤ ᠴᠢᠬᠤᠯᠠ ᠴᠠᠭ ᠦᠶ᠎ᠡ ᠶᠢᠨ ᠦᠨ᠎ᠡ ᠥᠷᠲᠡᠭ ᠲᠠᠢ | ᠶᠤᠮ᠃ ᠦᠢᠯᠡᠰ ᠪᠤᠰᠬᠠᠬᠤ ᠦᠯᠢᠭᠡᠷ ᠵᠢᠱᠢᠶ᠎ᠡ ᠶᠢ ᠠᠭᠤᠳᠠᠯᠵᠤ᠂ ᠦᠢᠯᠡᠰ ᠪᠤᠰᠬᠠᠬᠤ ᠰᠣᠶᠣᠯ ᠢ ᠳ᠋ᠦᠩᠨᠡᠵᠦ᠂ | ᠦᠢᠯᠡᠰ ᠪᠤᠰᠬᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠨᠢᠭᠲᠠᠷᠠᠯ ᠤᠨ ᠬᠦᠴᠦᠨ ᠪᠣᠯᠤᠨ ᠲᠥᠪᠯᠡᠩᠭᠦᠢ ᠬᠦᠴᠦᠨ ᠢ ᠭᠦᠢᠴᠡᠳ ᠢᠯᠡᠷᠡᠭᠦᠯᠵᠦ᠂ ᠨᠡᠩ ᠰᠠᠶᠢᠲᠤᠷ | ᠰᠡᠳᠬᠢᠯ ᠨᠢᠭᠡᠳᠴᠦ᠂ ᠢᠲᠡᠭᠡᠯ ᠵᠣᠷᠢᠭ ᠢᠶᠠᠨ ᠪᠠᠲᠤᠳᠬᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ | ᠬᠥᠮᠦᠵᠢᠭᠦᠯᠦᠨ ᠵᠢᠯᠣᠭᠤᠳᠴᠤ ᠪᠠᠶᠢᠭᠠᠳ ᠤᠯᠤᠰ ᠢᠶᠠᠨ ᠬᠠᠶᠢᠷᠠᠯᠠᠬᠤ ᠰᠡᠳᠬᠢᠯᠭᠡ᠂ ᠤᠯᠤᠰ ᠢᠶᠠᠨ | ᠬᠦᠴᠦᠷᠬᠡᠭᠵᠢᠭᠦᠯᠬᠦ ᠵᠣᠷᠢᠭ ᠢ ᠭᠦᠨ ᠵᠤᠵᠠᠭᠠᠳᠬᠠᠵᠤ᠂ ᠬᠤᠤᠯᠢᠩᠭᠤᠤᠯ ᠤᠨ ᠬᠥᠭᠵᠢᠯ ᠴᠡᠴᠡᠭᠯᠡᠯ ᠳᠤ ᠥᠪᠡᠷ ᠤᠨ | ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠠᠢ᠃ | ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠨᠢᠩ ᠯᠢ ᠰᠢᠨ᠂ ᠯᠢᠦ ᠮᠧᠢ ᠴᠧᠩ᠂ ᠫᠠᠨ ᠴᠠᠩ ᠬᠤᠩ᠂ ᠱᠧᠨ | ᠪᠦᠦ ᠼᠠᠢ ᠵᠡᠷᠭᠡ 4 ᠭᠤᠣᠯ ᠵᠤᠷᠢᠯᠳᠠᠳᠤ ᠥᠭᠦᠯᠡᠭᠴᠢ ᠲᠤᠰ ᠭᠠᠵᠠᠷ ᠤᠨ ᠰᠣᠶᠣᠯ ᠤᠨ ᠡᠬᠢ ᠪᠠᠶᠠᠯᠢᠭ ᠤᠨ | ᠳᠠᠪᠠᠭᠤᠯᠢᠭ ᠲᠠᠭᠠᠨ ᠬᠡᠷᠬᠢᠨ ᠰᠠᠭᠤᠷᠢᠯᠠᠨ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ᠂ ᠰᠢᠨ᠎ᠡ | ᠴᠠᠭ ᠦᠶ᠎ᠡ ᠶᠢᠨ ᠲᠡᠦᠬᠡ ᠶᠢᠨ ᠬᠤᠪᠢᠷᠠᠯᠲᠠ ᠪᠣᠯᠤᠨ ᠤᠷᠠᠯᠢᠭ ᠤᠨ ᠰᠢᠨ᠎ᠡ ᠬᠤᠪᠢᠷᠠᠯᠲᠠ ᠪᠠᠷ ᠬᠤᠤᠯᠢᠩᠭᠤᠤᠯ ᠤᠨ | ᠦᠢᠯᠡᠰ ᠪᠤᠰᠬᠠᠵᠤ ᠰᠢᠨ᠎ᠡ ᠶᠢ ᠡᠭᠦᠳᠦᠭᠰᠡᠨ ᠦᠯᠢᠭᠡᠷ ᠢ ᠰᠠᠶᠢᠲᠤᠷ ᠶᠠᠷᠢᠬᠤ ᠵᠡᠷᠭᠡ ᠭᠤᠣᠯ ᠰᠡᠳᠦᠪᠲᠦ | ᠠᠭᠤᠯᠭ᠎ᠠ ᠶᠢᠨ ᠲᠣᠭᠤᠷᠢᠨ ᠳᠤ ᠨᠢᠭᠡᠳ ᠨᠢᠭᠡ ᠪᠠᠷ ᠶᠠᠷᠢᠶ᠎ᠠ ᠲᠠᠯᠪᠢᠵᠠᠢ᠃ | ᠡᠨᠡ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠪᠠᠰᠠ ᠭᠤᠣᠯ ᠰᠡᠳᠦᠪᠲᠦ ᠠᠭᠤᠯᠭ᠎ᠠ ᠶᠢᠨ ᠲᠤᠬᠠᠢ | ᠰᠠᠨᠠᠯ ᠢᠶᠠᠨ ᠭᠦᠨᠵᠡᠭᠡᠢ ᠰᠣᠯᠢᠯᠴᠠᠵᠤ ᠰᠤᠳᠤᠯᠤᠨ ᠶᠠᠷᠢᠯᠴᠠᠪᠠ᠃ | | ᠁ |