ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠳᠤ ᠳᠡᠰ ᠳᠡᠪᠰᠢᠭᠦᠯᠦᠨ ᠴᠠᠭᠳᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ
ᠨᠡᠶᠢᠲᠡᠯᠡᠭᠰᠡᠨ ᠴᠠᠭ᠄
2024/9/7
    ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠶᠣᠰᠣᠭᠠᠷ᠂ 2024 ᠣᠨ ᠤ 9 ᠰᠠᠷ᠎ᠠ ᠶᠢᠨ 6 ᠤ ᠡᠳᠦᠷ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ ᠵᠢᠷᠭᠤᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠧᠤ ᠹᠦ᠋ ᠶᠢᠨ ᠬᠤᠤᠯᠢᠩᠭᠤᠤᠯ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠳᠤ ᠲᠠᠰ ᠳᠡᠪᠰᠢᠭᠦᠯᠦᠨ ᠴᠠᠭᠳᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠃ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠬᠡᠷ ᠤᠨ ᠳᠡᠳ᠋ ᠡᠷᠬᠢᠯᠡᠭᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠲᠤᠬᠠᠶ ᠱᠠᠭᠠᠷᠳᠠᠯᠭ᠎ᠠ ᠳᠤᠷᠠᠳᠪᠠ᠃ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠲᠠᠨ᠎ᠠ ᠬᠤᠷᠠᠯ ᠢ ᠡᠷᠭᠢᠯᠡᠭᠰᠡᠨ ᠪᠥᠭᠡᠳ ᠣᠪᠣᠷ ᠢᠶᠠᠨ ᠢᠯᠡᠳᠬᠡᠪᠡ᠃

   ᠵᠧᠤ ᠹᠦ᠋ ᠶᠢᠨ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠬᠤ ᠳᠠᠭᠠᠨ ᠵᠢᠭᠠᠵᠤ

ᠭᠠᠷᠭᠠᠭᠰᠠᠨ ᠨᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ

ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ

ᠵᠣᠷᠢᠭ ᠰᠠᠨᠠᠭ᠎ᠠ ᠪᠠ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ

ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠠᠬᠢ

ᠬᠠᠷᠢᠴᠠᠯᠠᠰᠢᠭᠦᠶ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ

ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ

ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ

ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ

ᠨᠥᠬᠦᠴᠡᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠠᠤᠯᠢ ᠪᠠᠷ ᠵᠠᠰᠠᠬᠤ ᠪᠠᠷ ᠠᠷᠠᠳ ᠲᠦᠮᠡᠨ ᠤ

ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠭᠰᠠᠨ ᠪᠣᠯᠪᠠᠴᠤ ᠲᠣᠭᠤᠷᠢᠨ ᠪᠠᠶᠢᠴᠠᠭᠠᠬᠤ ᠳᠤ ᠪᠠᠰᠠ ᠵᠠᠷᠢᠮ

ᠠᠰᠠᠭᠤᠳᠠᠯ ᠪᠠ ᠵᠥᠷᠢᠶ᠎ᠡ ᠶᠢ ᠢᠯᠡᠷᠡᠭᠦᠯᠪᠡ᠃ ᠭᠤᠤᠯᠳᠠᠭᠤ᠄ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠭᠰᠡᠨ ᠥᠬᠡᠶ

᠂ ᠳᠡᠭᠡᠳᠦ ᠱᠠᠲᠤᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ

ᠨᠠᠶᠢᠳᠠᠪᠤᠷᠢᠵᠢᠭᠤᠯᠬᠤ ᠳᠤ ᠵᠥᠷᠢᠶ᠎ᠡ ᠲᠠᠢ ᠪᠠᠶᠢᠨ᠎ᠠ︔ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ

ᠦᠶ᠋ᠯᠡᠴᠢᠯᠡᠬᠦ ᠴᠢᠳᠠᠪᠤᠷᠢ ᠬᠦᠷᠦᠯᠴᠡᠬᠦ ᠥᠬᠡᠶ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ

ᠡᠷᠴᠢᠮ ᠬᠦᠷᠦᠯᠴᠡᠬᠦ ᠥᠬᠡᠶ︔ ᠲᠥᠪ ᠤᠨ ︽ᠨᠠᠢᠮᠠᠨ ᠲᠣᠭᠲᠠᠭᠠᠯ︾ ᠤᠨ ᠵᠣᠷᠢᠭ ᠰᠠᠨᠠᠭ᠎ᠠ ᠶᠢ ᠬᠡᠷᠡᠭᠵᠢᠭᠦᠯᠦᠭᠰᠡᠨ

ᠲᠠᠯ᠎ᠠ ᠪᠠᠷ ᠬᠦᠷᠦᠯᠴᠡᠬᠦ ᠥᠬᠡᠶ ᠪᠠᠶᠢᠵᠤ᠂ ᠬᠡᠯᠪᠡᠷᠢᠴᠢ ᠦᠵᠡᠯ ᠬᠠᠷᠠᠬᠠᠨ ᠣᠷᠣᠰᠢᠭᠰᠠᠭᠠᠷ ᠪᠠᠶᠢᠨ᠎ᠠ︔ ᠺᠠᠳ᠋ᠷ ᠤᠨ

ᠲᠣᠬᠢᠷᠠᠭᠤᠯᠤᠯᠲᠠ᠂ ᠬᠠᠮᠢᠶᠠᠷᠤᠯᠲᠠ ᠪᠠ ᠬᠡᠷᠡᠭᠯᠡᠯᠲᠡ ᠳᠤ ᠪᠠᠭᠤᠷᠠᠶ ᠲᠠᠯ᠎ᠠ ᠣᠷᠣᠰᠢᠵᠤ ᠪᠠᠶᠢᠨ᠎ᠠ︔ ᠴᠡᠭᠴᠡᠯᠡᠨ

ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠭᠰᠠᠨ ᠥᠬᠡᠶ᠂ ᠴᠡᠭᠴᠡᠯᠡᠨ

ᠰᠠᠶᠢᠵᠢᠷᠠᠭᠤᠯᠬᠤ ᠶᠢ ᠦᠷᠭᠦᠯᠵᠢᠯᠡᠨ ᠠᠳᠬᠤᠬᠤ ᠳᠤ ᠵᠥᠷᠢᠶ᠎ᠡ ᠲᠠᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ

᠃ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ ᠳᠤᠭᠤᠶᠢᠯᠠᠩ ᠤᠨ ᠳᠠᠷᠤᠭ᠎ᠠ

ᠵᠧᠤ ᠹᠦ᠋ ᠶᠢᠨ ᠴᠡᠭᠴᠡᠯᠡᠨ ᠰᠠᠶᠢᠵᠢᠷᠠᠭᠤᠯᠬᠤ ᠰᠠᠨᠠᠯ ᠰᠠᠨᠠᠭᠤᠯᠭ᠎ᠠ ᠳᠤᠷᠠᠳᠪᠠ᠃

   ᠪᠦᠬᠦ ᠬᠦᠴᠦᠨ ᠢᠶᠠᠷ ᠢᠶᠠᠨ ᠵᠢᠭᠠᠵᠤ ᠭᠠᠷᠭᠠᠭᠰᠠᠨ ᠨᠢ᠂ ᠳᠡᠭᠡᠳᠦ ᠬᠡᠮᠵᠢᠶᠡᠨ ᠤ ᠤᠯᠤᠰ ᠲᠦᠷᠦ ᠶᠢᠨ

ᠤᠬᠠᠮᠰᠠᠷ ᠢᠶᠠᠷ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠶᠢᠨ ᠴᠢᠬᠤᠯᠠ

ᠠᠴᠢ ᠬᠤᠯᠪᠣᠭᠳᠠᠯ ᠢ ᠭᠦᠢᠴᠡᠳ ᠲᠠᠨᠢᠵᠤ᠂ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ ᠪᠠᠶᠢᠴᠠᠭᠠᠵᠤ

ᠴᠡᠭᠴᠡᠯᠡᠨ ᠰᠠᠶᠢᠵᠢᠷᠠᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠨᠡᠬᠦ ︽

ᠤᠯᠤᠰ ᠲᠦᠷᠦ ᠶᠢᠨ ᠬᠠᠷᠢᠭᠤᠯᠲᠠ ᠶᠢᠨ ᠬᠠᠭᠤᠳᠠᠰᠤ︾ ᠶᠢ ᠲᠥᠪ ᠴᠢᠩᠭ᠎ᠠ ᠨᠠᠷᠢᠨ ᠬᠢᠨᠠᠮᠠᠭᠠᠢ ᠪᠡᠶᠡᠯᠡᠭᠦᠯᠵᠦ᠂

ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽

ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ︔ ᠴᠡᠭᠴᠡᠯᠡᠨ ᠰᠠᠶᠢᠵᠢᠷᠠᠭᠤᠯᠬᠤ ︽ᠨᠢᠭᠡ ᠱᠤᠭᠤᠮ︾ ᠤᠨ

ᠠᠵᠢᠯ ᠤᠨ ᠲᠣᠭᠲᠠᠴᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠤᠨ ᠬᠠᠷᠠᠯᠲᠠ᠂

ᠡᠭᠦᠷᠭᠡ᠂ ᠠᠯᠬᠤᠮ ᠳᠠᠷᠠᠭ᠎ᠠ ᠪᠣᠯᠤᠨ ᠴᠢᠭᠯᠡᠯ ᠢ ᠣᠨᠣᠪᠴᠢᠲᠠᠢ ᠡᠵᠡᠮᠳᠡᠵᠦ᠂ ᠠᠰᠠᠭᠤᠳᠠᠯ ᠢ ᠴᠢᠩᠭ᠎ᠠ ᠠᠩᠬᠠᠷᠴᠤ᠂

ᠲᠣᠭᠲᠠᠴᠠ ᠶᠢ ᠴᠢᠩᠭ᠎ᠠ ᠠᠩᠬᠠᠷᠴᠤ᠂ ᠶᠠᠰᠤ ᠴᠢᠨᠠᠷ ᠦᠷ᠎ᠡ ᠪᠦᠲᠦᠮᠵᠢ ᠶᠢ ᠴᠢᠩᠭ᠎ᠠ ᠠᠩᠬᠠᠷᠴᠤ ᠴᠡᠭᠴᠡᠯᠡᠨ

ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ︔ ᠣᠳᠣᠬᠠᠨ ᠳᠤ ᠥᠭᠡᠷᠡᠴᠢᠯᠡᠬᠦ ᠪᠠ ᠣᠷᠳᠣ

ᠬᠤᠭᠤᠴᠠᠭ᠎ᠠ ᠪᠠᠷ ᠪᠠᠶᠢᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ

ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠨᠡᠨᠬᠦ ᠡᠯ᠎ᠡ ᠲᠠᠯ᠎ᠠ ᠶᠢᠨ ᠠᠵᠢᠯ ᠤᠨ ᠰᠢᠨ᠎ᠡ ᠳᠦᠷᠰᠦ ᠪᠠᠶᠢᠳᠠᠯ ᠲᠠᠢ

ᠪᠣᠯᠭᠠᠵᠤ᠂ ᠰᠢᠨ᠎ᠡ ᠦᠷ᠎ᠡ ᠪᠦᠲᠦᠮᠵᠢ ᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ

ᠬᠡᠷᠡᠭᠲᠡᠢ᠃

   ᠲᠠᠨ᠎ᠠ᠂ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠣᠪᠣᠷ ᠢᠶᠠᠨ ᠲᠥᠪ ᠪᠣᠯᠭᠠᠵᠤ᠂ ᠲᠣᠭᠤᠷᠢᠨ

ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠪᠦᠬᠦ ᠲᠠᠯ᠎ᠠ ᠪᠠᠷ ᠲᠠᠨᠢᠵᠤ᠂ ᠴᠢᠩᠭ᠎ᠠ ᠨᠢᠮᠪᠠᠢ ᠵᠣᠷᠢᠭ ᠰᠠᠨᠠᠭ᠎ᠠ ᠪᠠᠷ

ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢ

ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠨᠠᠶᠢᠳᠠᠪᠤᠷᠢᠵᠢᠭᠤᠯᠤᠯᠲᠠ ᠶᠢ

ᠪᠣᠳᠠᠲᠠᠶᠢᠵᠢᠭᠤᠯᠬᠤ ᠶᠢ ᠪᠠᠲᠤᠯᠠᠨ᠎ᠠ ᠭᠡᠵᠦ ᠢᠯᠡᠳᠬᠡᠪᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ

ᠳᠣᠪᠤᠶᠢᠯᠭᠠᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠵᠠᠳᠠᠯᠵᠤ᠂ ᠵᠦᠢᠯ ᠳᠠᠷᠠᠭᠠᠯᠠᠨ ᠵᠠᠳᠠᠯᠵᠤ᠂ ᠬᠥᠮᠦᠨ

ᠳᠠᠷᠠᠭᠠᠯᠠᠨ ᠲᠠᠨᠢᠵᠤ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ

ᠪᠣᠳᠠᠲᠠᠶ ᠠᠷᠭ᠎ᠠ ᠬᠡᠮᠵᠢᠶ᠎ᠡ ᠪᠠᠷ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ

ᠠᠵᠢᠯ︾ ᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠰᠠᠶᠢᠲᠤᠷ ᠬᠢᠬᠦ ᠬᠡᠷᠡᠭᠲᠡᠶ᠃ ᠬᠦᠴᠦᠨ ᠢᠶᠠᠨ

ᠨᠢᠭᠲᠠᠷᠠᠭᠤᠯᠵᠤ᠂ ᠪᠦᠬᠦ ᠺᠠᠳ᠋ᠷ ᠠᠵᠢᠯᠲᠠᠨ ᠢ ᠪᠦᠯᠬᠦᠮᠳᠡᠭᠦᠯᠦᠨ ᠳᠠᠭᠠᠭᠤᠯᠵᠤ ᠨᠢᠭᠡ ᠲᠠᠯ᠎ᠠ ᠪᠠᠷ ᠲᠣᠭᠤᠷᠢᠨ

ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠨᠥᠭᠦᠭᠡ ᠲᠠᠯ᠎ᠠ ᠪᠠᠷ ᠠᠵᠢᠯ ᠢᠶᠠᠨ ᠠᠬᠢᠭᠤᠯᠬᠤ ᠶᠢ

ᠠᠳᠬᠤᠵᠤ᠂ ᠬᠤᠤᠯᠢᠩᠭᠤᠤᠯ ᠬᠤᠲᠠ ᠶᠢᠨ ᠠᠮᠤᠷ ᠲᠦᠪᠰᠢᠨ ᠤ ᠪᠠᠶᠢᠭᠤᠯᠤᠯᠲᠠ᠂ ᠬᠠᠤᠯᠢᠵᠢᠯ ᠤᠨ ᠪᠠᠶᠢᠭᠤᠯᠤᠯᠲᠠ᠂

ᠴᠠᠭᠠᠷᠠᠭᠰᠠᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠪᠠᠶᠢᠭᠤᠯᠤᠯᠲᠠ ᠶᠢᠨ ᠰᠠᠭᠤᠷᠢ ᠶᠢ ᠲᠠᠰᠤᠷᠠᠯᠲᠠ

ᠥᠬᠡᠶ ᠪᠠᠲᠤ ᠪᠠᠬᠢ ᠴᠣᠭᠴᠠᠯᠠᠵᠤ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠭᠰᠠᠨ

ᠬᠤᠤᠯᠢᠩᠭᠤᠤᠯ ᠤᠨ  ᠦᠢᠯᠡᠳᠦᠯᠭᠡ ᠶᠢᠨ ᠳᠤᠮᠳᠠ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃

   ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ

ᠳᠠᠷᠤᠭ᠎ᠠ ᠵᠧᠤ ᠹᠦ᠋ ᠶᠢᠨ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ

ᠬᠡᠷ ᠤᠨ ᠳᠡᠳ᠋ ᠡᠷᠬᠢᠯᠡᠭᠴᠢ ᠪᠥᠬᠦ ᠬᠦᠴᠦᠨ᠂ ᠲᠦᠩᠯᠢᠶᠣᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ

ᠬᠢᠨᠠᠨ ᠪᠠᠶᠢᠴᠠᠭᠠᠬᠤ ᠵᠥᠪᠯᠡᠯ ᠤᠨ ᠨᠢᠭᠡᠳᠦᠭᠡᠷ ᠬᠢᠨᠠᠯᠲᠠ ᠲᠠᠯᠪᠢᠵᠤ ᠪᠠᠶᠢᠴᠠᠭᠠᠬᠤ ᠲᠠᠰᠤᠭ ᠤᠨ ᠤᠷᠢᠬᠠᠨ᠂

ᠬᠤᠤᠯᠢᠩᠭᠤᠤᠯ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ

ᠵᠥᠪᠯᠡᠯ ᠤᠨ ᠳᠡᠳ᠋ ᠡᠷᠬᠢᠯᠡᠭᠴᠢ ᠵᠠᠩ ᠵᠢᠶᠠᠨ ᠲᠤᠤ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ

ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠺᠠᠩ ᡁᠢ ᠵᠢᠶᠧ ᠬᠤᠷᠠᠯ ᠳᠤ ᠣᠷᠣᠯᠴᠠᠪᠠ︔ ᠬᠤᠤᠯᠢᠩᠭᠤᠤᠯ

ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠤᠳᠤᠷᠢᠳᠬᠤ ᠪᠠᠭ ᠤᠨ

ᠪᠦᠷᠢᠯᠳᠦᠬᠦᠨ ᠵᠢᠴᠢ ᠡᠯ᠎ᠡ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃  

 
ᠢᠷᠡᠯᠲᠡ᠄ ᠬᠤᠤᠯᠢᠩᠭᠤᠤᠯ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号