1 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠲᠦᠩᠯᠢᠶᠣᠤ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ | ᠪᠦᠯᠬᠦᠮ ᠳᠠᠭᠠᠭᠤᠯᠤᠨ ᠴᠠᠭᠠᠨ ᠰᠠᠷ᠎ᠠ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ | ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠳᠤᠷᠢᠳᠤᠯᠭ᠎ᠠ ᠱᠠᠨ ᠯᠢᠶᠠᠨ | ᠾᠧᠩ᠂ ᠸᠠᠩ ᠮᠢᠶᠣᠣ᠂ ᠰᠥᠩ ᠴᠢ ᠵᠧ᠂ ᠵᠣᠣ ᠱᠢ ᠶᠢᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠷᠧᠨ ᠰᠢᠩ ᠰᠢᠲᠠᠮᠠᠬᠠᠶ ᠬᠡᠶ᠂ ᠪᠦᠦ ᠾᠧᠩ | ᠬᠤᠳᠠᠯᠳᠤᠭᠠᠨ ᠤ ᠲᠥᠪ᠂ ᠱᠤᠸᠠᠩ ᠯᠢ ᠬᠡᠲᠦ ᠳᠡᠯᠭᠡᠭᠦᠷ᠂ ᠭᠠᠯᠲᠤ ᠲᠡᠷᠭᠡᠨ ᠤ ᠥᠷᠲᠡᠭᠡ ᠵᠡᠷᠭᠡ ᠭᠠᠵᠠᠷ ᠲᠤ | ᠬᠦᠷᠴᠦ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠲᠤᠯᠠᠭ᠎ᠠ᠂ ᠲᠥᠬᠦᠭᠡᠷᠦᠮᠵᠢ ᠶᠢᠨ ᠠᠮᠤᠷ ᠲᠦᠪᠰᠢᠨ ᠤ | ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠦᠭᠦᠬᠡᠶ ᠰᠣᠷᠭᠤᠭ ᠢᠳᠡᠰᠢᠨ ᠨᠣᠭᠤᠭ᠎ᠠ ᠵᠢᠮᠢᠰ᠂ | ᠠᠮᠤ ᠲᠣᠰᠣ ᠠᠮᠤ ᠪᠤᠳᠠᠭ᠎ᠠ᠂ ᠮᠢᠬ᠎ᠠ ᠥᠨᠳᠡᠭᠡ ᠢᠳᠡᠭᠡᠨ ᠵᠡᠷᠭᠡ ᠡᠯ᠎ᠡ ᠲᠥᠷᠥᠯ ᠤᠨ ᠠᠮᠢᠳᠤᠷᠠᠯ ᠤᠨ ᠡᠳ᠋ | ᠪᠣᠳᠠᠰ ᠤᠨ ᠪᠠᠷᠠᠭ᠎ᠠ ᠣᠷᠣᠭᠤᠯᠬᠤ ᠠᠷᠭ᠎ᠠ ᠵᠠᠮ᠂ ᠬᠠᠩᠭᠠᠯᠭ᠎ᠠ ᠶᠢᠨ ᠨᠥᠭᠡᠴᠡ᠂ ᠪᠣᠷᠣᠯᠠᠭᠤᠯᠭ᠎ᠠ ᠶᠢᠨ ᠦᠨ᠎ᠡ ᠬᠠᠩᠰᠢ | ᠵᠡᠷᠭᠡ ᠪᠠᠶᠢᠳᠠᠯ ᠢ ᠯᠠᠪᠯᠠᠨ ᠠᠰᠠᠭᠤᠪᠠ᠃ | | | | | ᠭᠤᠤ ᠵᠢᠢ ᠶᠧ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ | ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠨᠢ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ | ᠬᠤᠯᠪᠣᠭᠳᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠲᠠᠢ ᠬᠤᠯᠪᠣᠭᠳᠠᠨ᠎ᠠ᠂ ᠴᠠᠭᠠᠨ | ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠤᠯᠠᠭᠠᠨ ᠱᠤᠭᠤᠮ ᠤᠨ ᠤᠬᠠᠮᠰᠠᠷ ᠪᠣᠯᠤᠨ ᠬᠤᠷᠢᠭ᠎ᠠ ᠱᠤᠭᠤᠮ ᠤᠨ | ᠰᠡᠳᠬᠢᠬᠦᠢ ᠶᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ | ᠴᠢᠩᠭᠠᠷᠠᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠠᠩᠬᠠᠷᠴᠤ᠂ ᠴᠢᠬᠤᠯᠠ ᠭᠤᠭᠴᠤᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ | ᠠᠳᠬᠤᠵᠤ᠂ ᠠᠳᠡᠯ ᠢ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ | ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠵᠠᠬ᠎ᠠ ᠳᠡᠯᠭᠡᠭᠦᠷ ᠤᠨ ᠦᠨ᠎ᠡ ᠶᠢ ᠲᠣᠭᠲᠠᠪᠤᠷᠢᠵᠢᠭᠤᠯᠤᠨ | ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠠᠷᠠᠭᠠᠨ ᠤ ᠢᠷᠡᠯᠳᠡ ᠶᠢᠨ ᠵᠣᠬᠢᠶᠠᠨ ᠪᠠᠶᠢᠭᠤᠯᠤᠯᠲᠠ ᠶᠢ | ᠴᠢᠩᠭᠠᠳᠬᠠᠵᠤ᠂ ᠬᠠᠩᠭᠠᠯᠭ᠎ᠠ ᠶᠢ ᠪᠠᠲᠤᠯᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠦᠨ᠎ᠡ ᠬᠠᠩᠰᠢ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠠᠷᠠᠭᠠᠨ ᠤ ᠢᠷᠡᠯᠳᠡ ᠭᠦᠢᠴᠡᠳ᠂ ᠲᠥᠷᠥᠯ ᠵᠦᠢᠯ ᠪᠠᠶᠠᠯᠢᠭ᠂ ᠦᠨ᠎ᠡ | ᠬᠠᠩᠰᠢ ᠲᠣᠭᠲᠠᠭᠤᠨ ᠪᠠᠶᠢᠬᠤ ᠶᠢ ᠪᠠᠲᠤᠯᠠᠵᠤ᠂ ᠣᠯᠠᠨ ᠲᠠᠰ ᠳᠠᠪᠬᠤᠷᠭ᠎ᠠ ᠶᠢᠨ ᠬᠡᠷᠡᠭᠯᠡᠭᠡᠨ ᠤ ᠬᠡᠷᠡᠭᠴᠡᠭᠡ ᠶᠢ | ᠬᠠᠩᠭᠠᠵᠤ᠂ ᠥᠷᠭᠡᠨ ᠣᠯᠠᠨ ᠠᠷᠠᠳ ᠲᠦᠮᠡᠨ ᠤ ᠠᠮᠤᠷ ᠠᠮᠤᠭᠤᠯᠠᠩ ᠥᠯᠵᠡᠶ ᠪᠡᠯᠭᠡ ᠲᠠᠢ ᠴᠠᠭᠠᠨ ᠰᠠᠷ᠎ᠠ ᠪᠠᠨ | ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | |