ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/20
   1 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠬᠤᠤᠯᠢᠩᠭᠤᠤᠯ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠵᠤ᠂ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠭᠤᠤ ᠵᠢᠶ ᠶᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠬᠤ᠋ ᠵᠢᠶᠠᠨ ᠮᠢᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠠᠩ ᠪᠦᠦ ᠴᠧᠨ ᠬᠤᠷᠠᠯ ᠳᠤ ᠣᠷᠣᠯᠴᠠᠵᠤ᠂ ᠰᠤᠮᠤ᠂ ᠡᠯ᠎ᠡ ᠵᠡᠭᠡᠯᠢ ᠭᠤᠳᠤᠮᠵᠢ ᠶᠢᠨ ᠨᠠᠮ ᠤᠨ ︵ᠠᠵᠤ ᠦᠢᠯᠡᠳᠪᠦᠷᠢ︶ ᠬᠤᠷᠢᠶᠠᠨ ᠤ ᠱᠦᠵᠢ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠲᠤᠰᠬᠠᠶ ᠵᠡᠪᠰᠡᠭᠲᠦ ᠬᠦᠴᠦᠨ ᠤ ᠺᠠᠳ᠋ᠷ᠂ ᠣᠷᠣᠨ ᠲᠣᠭᠠᠨ ᠤ ᠴᠡᠷᠢᠭ ᠤᠨ ᠠᠵᠤ ᠠᠬᠤᠶᠢᠯᠠᠯ ᠤᠨ ᠲᠥᠯᠥᠭᠡᠯᠡᠭᠴᠢ᠂ ᠬᠡᠰᠡᠭ ᠡᠷᠦᠬᠡ ᠶᠢᠨ ᠴᠡᠷᠢᠭ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃

   ᠬᠤᠷᠠᠯ ᠠᠴᠠ ᠲᠦᠩᠯᠢᠶᠣᠤ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠠᠷᠪᠠᠳᠤᠭᠠᠷ

ᠬᠤᠭᠤᠴᠠᠭᠠᠨ ᠤ ᠠᠷᠪᠠᠨ ᠨᠢᠭᠡᠳᠦᠭᠡᠷ ᠤᠳᠠᠭ᠎ᠠ ᠶᠢᠨ ᠪᠦᠬᠦᠳᠡ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ

ᠤᠯᠠᠮᠵᠢᠯᠠᠨ ᠰᠤᠷᠤᠯᠴᠠᠵᠤ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠠᠵᠢᠯ ᠤᠨ

ᠮᠡᠳᠡᠭᠦᠯᠦᠯᠲᠡ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ

ᠪᠢᠴᠢᠭ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠪᠥᠭᠡᠳ 2025 ᠣᠨ ᠤ ᠭᠤᠣᠯᠳᠠᠯᠭ᠎ᠠ ᠲᠠᠢ ᠠᠵᠢᠯ ᠢ

ᠲᠤᠬᠢᠷᠠᠭᠤᠯᠤᠨ ᠪᠠᠶᠢᠷᠢᠯᠠᠭᠤᠯᠵᠠᠢ᠃

   ᠭᠤᠤ ᠵᠢᠢ ᠶᠧ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠬᠠᠷᠢᠴᠠᠯᠠᠰᠢᠭᠦᠢ ᠦᠨᠡᠨᠴᠢ

ᠰᠢᠳᠤᠷᠭᠤ ᠪᠠᠶᠢᠬᠤ ᠶᠢ ᠢᠮᠠᠭᠲᠠ ᠪᠡᠶᠡᠯᠡᠭᠦᠯᠵᠦ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ

ᠰᠠᠨᠠᠭᠠᠨ ᠤ ᠦᠨᠳᠦᠰᠦᠨ ᠵᠢᠯᠣᠭᠤᠳᠬᠤ ᠪᠠᠶᠢᠷᠢ ᠰᠠᠭᠤᠷᠢ ᠶᠢ ᠪᠠᠲᠤ ᠪᠤᠢ ᠪᠣᠯᠭᠠᠵᠤ᠂ ᠤᠯᠤᠰ ᠲᠦᠷᠦ ᠪᠠᠷ ᠴᠡᠷᠢᠭ ᠢ

ᠪᠠᠶᠢᠭᠤᠯᠬᠤ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠷᠠᠳ ᠤᠨ ᠵᠡᠪᠰᠡᠭᠲᠦ ᠬᠦᠴᠦᠨ ᠤ

ᠠᠵᠢᠯ ᠤᠨ ᠵᠥᠪ ᠴᠢᠭᠯᠡᠯ ᠢ ᠪᠠᠲᠤ ᠡᠵᠡᠮᠳᠡᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ

ᠦᠷᠭᠦᠯᠵᠢᠯᠡᠨ ᠭᠦᠨᠵᠡᠭᠡᠶᠢᠷᠡᠭᠦᠯᠵᠦ᠂ ︽ᠬᠤᠶᠠᠷ ᠢ ᠲᠣᠭᠲᠠᠭᠠᠬᠤ︾ ᠶᠢ ᠤᠯᠠᠮ ᠴᠢᠨᠠᠭᠰᠢᠳᠠ ᠦᠨᠡᠨᠴᠢ

ᠰᠢᠳᠤᠷᠭᠤ ᠪᠠᠷ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ

ᠭᠠᠷᠭᠠᠪᠠ᠃ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠢ ᠪᠣᠯᠪᠠᠰᠤᠷᠠᠭᠤᠯᠵᠤ

ᠲᠠᠶᠢᠨ ᠳᠤ ᠪᠡᠯᠡᠳᠬᠡᠬᠦ ᠶᠢ ᠶᠡᠬᠡᠪᠡᠷ ᠴᠢᠩᠭᠠᠳᠬᠠᠵᠤ᠂ ᠲᠠᠶᠢᠨ ᠤ ᠪᠡᠯᠡᠳᠬᠡᠯ ᠤᠨ ᠲᠦᠷᠢᠮ ᠢ ᠴᠢᠩᠭ᠎ᠠ

ᠨᠠᠶᠢᠳᠠᠪᠤᠷᠢᠵᠢᠭᠤᠯᠵᠤ᠂ ᠡᠷᠦᠭᠡ ᠶᠢᠨ ᠴᠡᠷᠢᠭ ᠤᠨ ᠡᠩᠨᠡᠭᠡ ᠶᠢ ᠦᠷᠭᠦᠯᠵᠢᠯᠡᠨ ᠪᠠᠶᠢᠭᠤᠯᠤᠨ ᠬᠦᠴᠦᠷᠬᠡᠭᠵᠢᠭᠦᠯᠵᠦ᠂

ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠰᠣᠷᠢᠯᠲᠠ᠂ ᠴᠢᠬᠤᠯᠠ ᠶᠡᠭᠡ ᠡᠭᠦᠷᠭᠡ ᠶᠢᠨ

ᠪᠣᠯᠪᠠᠰᠤᠷᠠᠯ᠂ ᠤᠯᠠᠨ ᠲᠦᠮᠡᠨᠴᠢ ᠴᠢᠨᠠᠷᠲᠠᠢ ᠴᠡᠷᠢᠭ ᠤᠨ ᠮᠥᠷᠦ᠋ᠢᠴᠡᠭᠡᠨ ᠵᠡᠷᠭᠡ ᠠᠵᠢᠯᠯᠠᠭ᠎ᠠ ᠲᠠᠢ ᠤᠶᠠᠯᠳᠤᠭᠤᠯᠵᠤ᠂

ᠪᠠᠶᠢᠭᠤᠯᠭ᠎ᠠ ᠶᠢᠨ ᠪᠣᠯᠪᠠᠰᠤᠷᠠᠯ᠂ ᠰᠢᠯᠢᠳᠡᠭ ᠡᠷᠦᠭᠡ ᠶᠢᠨ ᠴᠡᠷᠢᠭ ᠢ ᠡᠭᠡᠯᠵᠢᠯᠡᠨ ᠪᠣᠯᠪᠠᠰᠤᠷᠠᠭᠤᠯᠬᠤ ᠶᠢ ᠦᠷᠭᠦᠯᠵᠢᠯᠡᠨ

ᠰᠠᠶᠢᠲᠤᠷ ᠠᠳᠬᠤᠵᠤ᠂ ᠡᠷᠦᠭᠡ ᠶᠢᠨ ᠴᠡᠷᠢᠭ ᠤᠨ ᠪᠣᠯᠪᠠᠰᠤᠷᠠᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠦᠬᠦ

ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠠᠤᠯᠢ ᠶᠣᠰᠣᠭᠠᠷ ᠵᠢᠷᠤᠮᠵᠢᠭᠤᠯᠤᠨ ᠠᠵᠢᠯᠯᠠᠭᠤᠯᠵᠤ᠂ ᠬᠦᠴᠦᠨ ᠢᠶᠠᠨ

ᠲᠥᠪᠯᠡᠷᠡᠭᠦᠯᠦᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢ ᠪᠣᠳᠠᠲᠠᠢ ᠠᠳᠬᠤᠵᠤ᠂ ᠲᠠᠯᠳᠠ

ᠬᠦᠴᠦᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠡᠳ᠋ ᠪᠣᠳᠠᠰ ᠲᠤᠨᠤᠭ ᠲᠥᠬᠦᠭᠡᠷᠦᠮᠵᠢ ᠶᠢ ᠤᠷᠢᠳᠴᠢᠯᠠᠨ

ᠡᠯᠰᠡᠵᠦ ᠤᠷᠢᠳᠴᠢᠯᠠᠨ ᠨᠥᠭᠡᠴᠡᠯᠡᠬᠦ᠂ ᠲᠠᠶᠢᠨ ᠤ ᠦᠶ᠎ᠡ ᠳᠤ ᠴᠡᠷᠢᠭ ᠡᠯᠰᠡᠬᠦ ᠶᠢ ᠳᠠᠶᠢᠴᠢᠯᠠᠬᠤ᠂ ᠴᠡᠷᠢᠭ ᠡᠯᠰᠡᠬᠦ

ᠵᠡᠷᠭᠡ ᠠᠵᠢᠯ ᠢ ᠥᠨᠳᠥᠷ ᠬᠡᠪ ᠪᠣᠯᠪᠠᠰᠤᠷᠠᠯ ᠲᠠᠢ ᠴᠡᠷᠢᠭ ᠢ ᠨᠥᠬᠦᠪᠦᠷᠢᠯᠡᠵᠦ᠂ ᠤᠯᠤᠰ ᠤᠨ ᠪᠠᠲᠤᠯᠠᠨ

ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠦᠢᠯᠡᠰ ᠢ ᠠᠵᠤ ᠠᠬᠤᠢ ᠨᠡᠶᠢᠭᠡᠮ ᠤᠨ ᠬᠥᠭᠵᠢᠯᠲᠡ ᠲᠠᠢ

ᠵᠡᠷᠭᠡᠪᠡᠷ ᠰᠤᠳᠤᠯᠵᠤ᠂ ᠵᠡᠷᠭᠡᠪᠡᠷ ᠪᠠᠶᠢᠷᠢᠯᠠᠭᠤᠯᠵᠤ᠂ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ ᠶᠢ ᠦᠨᠡᠨ ᠬᠦ

ᠪᠡᠶᠡᠯᠡᠭᠦᠯᠬᠦ ᠬᠡᠷᠡᠭᠲᠡᠢ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠴᠡᠷᠢᠭ ᠵᠠᠰᠠᠭ

ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠵᠦ᠂ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ

ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ

ᠬᠠᠷᠠᠭᠠᠯᠵᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ

ᠬᠥᠭᠵᠢᠭᠦᠯᠬᠦ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠥᠬᠦ ᠠᠷᠠᠳ ᠤᠨ ᠤᠯᠤᠰ ᠤᠨ ᠪᠠᠲᠤᠯᠠᠨ

ᠬᠠᠮᠠᠭᠠᠯᠠᠯᠲᠠ ᠶᠢᠨ ᠬᠥᠮᠦᠵᠢᠯ ᠳᠤ ᠶᠡᠭᠡ ᠪᠠᠷ ᠣᠷᠣᠯᠴᠠᠵᠤ᠂ ᠨᠡᠶᠢᠭᠡᠮ ᠳᠠᠶᠠᠭᠠᠷ ᠲᠤ ᠤᠯᠤᠰ ᠤᠨ ᠪᠠᠲᠤᠯᠠᠨ

ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ

ᠬᠠᠮᠠᠭᠠᠯᠠᠯᠲᠠ ᠶᠢ ᠪᠥᠲᠥᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠦᠵᠡᠯ

ᠰᠠᠨᠠᠭᠠᠨ ᠤ ᠬᠠᠮᠲᠤ ᠶᠢᠨ ᠲᠠᠨᠢᠯᠲᠠ ᠪᠠ ᠠᠵᠢᠯᠯᠠᠭᠠᠨ ᠤ ᠤᠬᠠᠮᠰᠠᠷ ᠢᠶᠠᠨ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ

ᠪᠥᠬᠦ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ

ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠴᠦ᠂ ᠠᠷᠠᠳ ᠤᠨ ᠵᠡᠪᠰᠡᠭᠲᠦ ᠬᠦᠴᠦᠨ ᠤ ᠠᠵᠢᠯ ᠤᠨ ᠴᠢᠨᠠᠷ ᠰᠠᠶᠢᠲᠠᠶ

ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠦ ᠴᠢᠬᠤᠯᠠᠴᠢᠯᠠᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号