1 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠶ ᠬᠤᠸᠠ᠂ ᠬᠤᠲᠠ ᠶᠢᠨ ᠵᠠᠰᠠᠭ ᠤᠨ ᠣᠷᠳᠣᠨ ᠤ | ᠳᠡᠳ᠋ ᠬᠤᠲᠠ ᠶᠢᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢᠦ ᠽᠧᠩ ᠰᠢ ᠨᠠᠷ | ᠰᠢᠯᠢᠳᠡᠭ ᠲᠤᠰᠬᠠᠶ ᠮᠡᠷᠭᠡᠵᠢᠯᠲᠡᠨ᠂ ᠠᠰᠠᠷᠠᠨ ᠬᠠᠷᠠᠭᠠᠯᠵᠠᠬᠤ ᠡᠲᠡᠭᠡᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ | ᠲᠣᠬᠤᠨᠢᠭᠤᠯᠬᠤ ᠮᠥᠩᠭᠦ ᠬᠦᠷᠭᠡᠭᠰᠡᠨ ᠪᠥᠭᠡᠳ ᠴᠠᠭᠠᠨ ᠰᠠᠷ᠎ᠠ ᠶᠢᠨ ᠪᠠᠶᠠᠷ ᠤᠨ ᠡᠳᠦᠷ ᠤᠨ ᠮᠡᠨᠳᠦᠴᠢᠯᠡᠯ ᠪᠠ ᠵᠥᠩᠨᠡᠯ | ᠳᠡᠪᠰᠢᠭᠦᠯᠪᠡ᠃ | | | | | ᠬᠤᠣᠯᠢᠩᠭᠤᠣᠯ ᠬᠤᠳᠠ ᠶᠢᠨ ᠠᠷᠠᠳ ᠤᠨ ᠡᠮᠨᠡᠯᠬᠡ ᠶᠢᠨ ᠬᠤᠷᠢᠶ᠎ᠠ ᠶᠢᠨ ᠰᠢᠯᠢᠳᠡᠭ ᠳᠣᠰᠬᠠᠢ ᠮᠡᠷᠬᠡᠵᠢᠯᠳᠡᠨ ᠴᠧᠨ | ᠭᠦᠸᠧ ᠹᠦ᠋ ᠶᠢ ᠪᠣᠯᠭᠤᠭᠠᠨ ᠦᠵᠡᠬᠦ ᠳᠡᠭᠡᠨ᠂ ᠪᠠᠢ ᠬᠤᠸᠠ ᠳᠡᠬᠦᠨ ᠤ ᠠᠵᠢᠯ ᠪᠠ ᠠᠮᠢᠳᠣᠷᠠᠯ ᠤᠨ ᠪᠠᠶᠢᠳᠠᠯ ᠢ | ᠬᠠᠯᠠᠮᠵᠢᠯᠠᠨ ᠠᠰᠠᠭᠤᠨ ᠯᠠᠪᠯᠠᠵᠣ᠂ ᠡᠮᠴᠢᠯᠡᠬᠡᠨ ᠤ ᠬᠦᠷᠢᠶ᠎ᠡ ᠬᠡᠪᠴᠢᠶᠠᠨ ᠳᠤ ᠦᠵᠡᠬᠦᠯᠦᠭᠰᠡᠨ ᠬᠤᠪᠢ ᠨᠡᠮᠡᠷᠢ ᠶᠢ | ᠬᠦᠢᠴᠡᠳ ᠨᠣᠳᠠᠯᠠᠬᠤ ᠶᠢᠨ ᠬᠠᠮᠳᠣ ᠳᠡᠬᠦᠨ ᠤ ᠦᠷᠬᠦᠯᠵᠢᠯᠡᠨ ᠦᠪᠡᠷ ᠤᠨ ᠠᠵᠢᠯ ᠤᠨ ᠪᠠᠶᠢᠷᠢᠨ ᠳᠤ ᠪᠠᠨ | ᠰᠠᠭᠤᠷᠢᠯᠠᠵᠣ᠂ ᠰᠢᠨ᠎ᠡ ᠶᠢ ᠡᠬᠦᠳᠬᠦ ᠵᠣᠷᠢᠭ ᠰᠠᠨᠠᠭ᠎ᠠ ᠶᠢ ᠳᠠᠰᠣᠷᠠᠯᠳᠠ ᠦᠬᠡᠢ ᠪᠠᠳᠠᠷᠠᠭᠤᠯᠵᠣ᠂ ᠬᠤᠣᠯᠢᠩᠭᠤᠣᠯ | ᠬᠤᠳᠠ ᠶᠢᠨ ᠡᠮᠴᠢᠯᠡᠬᠡᠨ ᠤ ᠮᠡᠷᠬᠡᠵᠢᠯ ᠤᠨ ᠬᠦᠭᠵᠢᠯᠳᠡ ᠳᠤ ᠨᠡᠩ ᠣᠯᠠᠨ ᠣᠶᠣᠨ ᠣᠬᠠᠭᠠᠨ ᠪᠠ ᠬᠦᠴᠦᠨ | ᠴᠢᠳᠠᠯ ᠢᠶᠠᠨ ᠦᠵᠡᠬᠦᠯᠬᠦ ᠶᠢ ᠬᠦᠰᠡᠭᠰᠡᠨ ᠪᠠᠶᠢᠨ᠎ᠠ᠃ | ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠨᠠᠮ ᠤᠨ ᠭᠡᠰᠢᠭᠦᠨ ᠺᠠᠳ᠋ᠷ ᠰᠦᠨ ᡁᠢ ᠭᠠᠩ ᠤᠨ ᠭᠡᠷ ᠲᠤ᠂ ᠰᠦᠨ | ᡁᠢ ᠭᠠᠩ ᠨᠥᠬᠦᠷ ᠵᠢᠴᠢ ᠭᠡᠷ ᠤᠨ ᠬᠥᠮᠦᠰ ᠤᠨ ᠨᠡᠶᠢᠭᠡᠮ ᠤᠨ ᠲᠣᠭᠲᠠᠭᠤᠨ ᠳᠤ ᠦᠵᠡᠭᠦᠯᠦᠭᠰᠡᠨ ᠬᠤᠪᠢ ᠨᠡᠮᠡᠷᠢ ᠳᠤ | ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠠᠵᠢᠯᠲᠠᠳ ᠲᠤ | ᠲᠡᠳᠡᠨ ᠤ ᠠᠮᠢᠳᠤᠷᠠᠯ ᠤᠨ ᠪᠠᠶᠢᠳᠠᠯ ᠢ ᠴᠠᠭ ᠢᠮᠠᠭᠲᠠ ᠬᠠᠯᠠᠮᠵᠢᠯᠠᠨ ᠠᠩᠬᠠᠷᠴᠤ᠂ ᠰᠠᠨᠠᠭᠠᠴᠢᠯᠠᠭ᠎ᠠ ᠠᠴᠠ ᠪᠠᠨ | ᠭᠡᠷ ᠲᠤᠨᠢ ᠬᠦᠷᠴᠦ ᠦᠢᠯᠡᠴᠢᠯᠡᠵᠦ᠂ ᠪᠣᠳᠠᠲᠠᠢ ᠬᠦᠴᠢᠷᠳᠡᠯ ᠢ ᠨᠢ ᠲᠡᠷᠡ ᠳᠠᠷᠤᠢ ᠳᠤᠨᠢ ᠰᠢᠢᠳᠪᠦᠷᠢᠯᠡᠵᠦ᠂ ᠴᠠᠭ | ᠲᠤᠬᠠᠢ ᠳᠤᠨᠢ ᠬᠠᠪᠰᠤᠷᠤᠯᠭ᠎ᠠ ᠦᠵᠡᠭᠦᠯᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠲᠡᠳᠡᠨ ᠤ | ᠳᠡᠷᠭᠡᠳᠡ ᠬᠦᠷᠭᠡᠬᠦ ᠬᠡᠷᠡᠭᠲᠡᠢ ᠭᠡᠵᠦ ᠵᠠᠬᠢᠪᠠ᠃ |