1 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ | ᠳᠥᠷᠪᠡᠨ ᠶᠡᠭᠡ ᠪᠠᠭ ᠤᠨ ᠤᠳᠤᠷᠢᠳᠤᠯᠭ᠎ᠠ ᠶᠢ ᠳᠠᠭᠠᠭᠤᠯᠤᠨ ᠮᠠᠨ ᠤ ᠬᠤᠲᠠ ᠳᠤ ᠰᠠᠭᠤᠭ᠎ᠠ ᠴᠡᠷᠢᠭ ᠴᠠᠭᠳᠠᠭ᠎ᠠ | ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠬᠤ ᠶᠢᠨ ᠬᠠᠮᠲᠤ ᠪᠥᠬᠦ ᠳᠠᠷᠤᠭ᠎ᠠ | ᠪᠠᠶᠢᠯᠳᠤᠭᠴᠢᠳ ᠲᠤ ᠬᠠᠮᠤᠭ ᠤᠨ ᠴᠢᠩ ᠰᠡᠳᠬᠢᠯ ᠤᠨ ᠴᠠᠭᠠᠨ ᠰᠠᠷ᠎ᠠ ᠶᠢᠨ ᠮᠡᠨᠳᠦᠴᠢᠯᠡᠯ ᠪᠠ ᠡᠷᠬᠢᠮ ᠳᠡᠭᠡᠳᠦ | ᠬᠦᠨᠳᠦᠳᠬᠡᠯ ᠳᠡᠪᠰᠢᠭᠦᠯᠵᠦ᠂ ᠬᠤᠲᠠ ᠶᠢᠨ ᠤᠳᠤᠷᠢᠳᠤᠯᠭ᠎ᠠ ᠵᠧᠤ ᠬᠠᠶ ᠮᠢᠨ᠂ ᠪᠠᠶ ᠬᠤᠸᠠ᠂ ᠸᠠᠩ ᠷᠦᠢ ᠰᠢᠨ᠂ | ᠯᠢᠦ ᠵᠧ ᠬᠤᠸᠠ᠂ ᠰᠥᠩ ᠴᠢ ᠵᠧ ᠵᠢᠴᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ | ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠲᠣᠬᠤᠨᠢᠭᠤᠯᠬᠤ ᠳᠤ ᠣᠷᠣᠯᠴᠠᠪᠠ᠃ | | | | | ᠭᠤᠤ ᠵᠢᠢ ᠶᠧ ᠨᠠᠷ ᠤᠷᠢᠳ ᠬᠤᠵᠢᠳ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ᠂ ᠵᠡᠪᠰᠡᠭᠲᠦ | ᠴᠠᠭᠳᠠᠭ᠎ᠠ ᠶᠢᠨ ᠳᠤᠮᠳᠠ ᠠᠩᠬᠢ᠂ ᠤᠢ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠬᠢ᠂ ᠠᠷᠠᠳ ᠤᠨ ᠵᠡᠪᠰᠡᠭᠲᠦ | ᠬᠦᠴᠦᠨ ᠤ ᠬᠡᠯᠲᠡᠰ ᠵᠡᠷᠭᠡ ᠭᠠᠵᠠᠷ ᠲᠤ ᠬᠦᠷᠴᠦ᠂ ᠴᠡᠷᠢᠭ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠲᠠᠢ | ᠳᠣᠲᠣᠨᠣ ᠪᠠᠷ ᠶᠠᠷᠢᠯᠴᠠᠵᠤ᠂ ᠴᠡᠷᠢᠭ ᠠᠩᠬᠢ ᠶᠢᠨ ᠪᠣᠯᠪᠠᠰᠤᠷᠠᠯ᠂ ᠠᠮᠢᠳᠤᠷᠠᠯ ᠤᠨ ᠪᠠᠶᠢᠳᠠᠯ ᠢ ᠭᠦᠨᠵᠡᠭᠡᠢ ᠣᠶᠢᠯᠠᠭᠠᠵᠤ | ᠂ ᠲᠡᠳᠡᠨ ᠤ ᠤᠷᠳᠤ ᠬᠤᠭᠤᠴᠠᠭᠠᠨ ᠤ ᠲᠤᠷᠰᠢ ᠦᠶᠡᠷ ᠢ ᠰᠡᠷᠭᠡᠶᠢᠯᠡᠵᠦ ᠠᠶᠤᠯ ᠭᠠᠮᠰᠢᠭ ᠠᠴᠠ ᠠᠪᠤᠷᠠᠬᠤ᠂ ᠠᠮᠤᠷ | ᠲᠦᠪᠰᠢᠨ ᠲᠣᠭᠲᠠᠭᠤᠨ ᠢ ᠬᠠᠮᠠᠭᠠᠯᠠᠬᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ | ᠤᠨᠲᠠᠷᠠᠭᠠᠬᠤ᠂ ᠡᠷᠦᠬᠡ ᠶᠢᠨ ᠴᠡᠷᠢᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠡᠷᠭᠡ ᠠᠵᠢᠯ ᠤᠨ ᠳᠤᠮᠳᠠ | ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠨᠠᠮ ᠪᠣᠯᠤᠨ | ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠪᠡ᠃ | | | | | | | | | | ᠭᠤᠤ ᠵᠢᠶ ᠶᠧ᠂ ᠥᠩᠭᠡᠷᠡᠭᠰᠡᠨ ᠨᠢᠭᠡ ᠵᠢᠯ ᠳᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠰᠠᠶᠢᠨ ᠪᠠᠶᠢᠳᠠᠯ ᠢᠶᠠᠨ ᠪᠠᠲᠤᠯᠠᠪᠠ᠂ ᠡᠨᠡ ᠪᠣᠯ ᠪᠥᠬᠦ ᠬᠤᠲᠠ ᠶᠢᠨ | ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠪᠠᠰᠠ ᠴᠤ ᠬᠤᠲᠠ ᠳᠤ ᠰᠠᠭᠤᠭ᠎ᠠ ᠴᠡᠷᠢᠭ | ᠴᠠᠭᠳᠠᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠰᠢᠷᠭᠠᠭᠤ ᠴᠢᠷᠮᠠᠶᠢᠯᠭ᠎ᠠ ᠶᠢ ᠨᠢᠭᠲᠠᠷᠠᠭᠤᠯᠵᠤ ᠪᠠᠶᠢᠨ᠎ᠠ | ᠂ ᠮᠠᠨ ᠤ ᠬᠤᠲᠠ ᠶᠢᠨ ᠬᠤᠲᠠ ᠳᠤ ᠰᠠᠭᠤᠭ᠎ᠠ ᠴᠡᠷᠢᠭ ᠴᠠᠭᠳᠠᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ | ᠥᠩᠭᠡᠷᠡᠭᠰᠡᠨ ᠲᠠᠢ ᠪᠠᠨ ᠠᠳᠠᠯᠢ ᠪᠠᠷ ᠲᠣᠰ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠵᠦ᠂ | ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ | ᠪᠠᠶᠢᠯᠳᠤᠬᠤ ᠴᠢᠳᠠᠪᠤᠷᠢ ᠪᠠᠨ ᠴᠢᠩᠭᠠᠳᠬᠠᠵᠤ᠂ ᠣᠷᠣᠨ ᠨᠤᠲᠤᠭ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ | ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠪᠠᠲᠤᠯᠠᠭ᠎ᠠ ᠬᠠᠩᠭᠠᠬᠤ ᠶᠢ ᠬᠦᠰᠡᠵᠦ ᠪᠠᠶᠢᠨ᠎ᠠ ᠭᠡᠵᠡᠶ᠃ ᠬᠤᠳᠠ ᠶᠢᠨ ᠨᠠᠮ ᠤᠨ ᠬᠤᠷᠢᠶ᠎ᠠ᠂ | ᠬᠤᠳᠠ ᠶᠢᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠤᠯᠤᠰ ᠤᠨ ᠪᠠᠲᠤᠯᠠᠨ ᠬᠠᠮᠠᠭᠠᠯᠠᠯᠲᠠ | ᠪᠣᠯᠤᠨ ᠴᠡᠷᠢᠭ ᠠᠩᠬᠢ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠳᠡᠮᠵᠢᠵᠦ᠂ ︽ᠴᠡᠷᠢᠭ ᠢᠶᠠᠨ | ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ︾ | ᠢᠷᠠᠭᠤ ᠠᠯᠳᠠᠷᠲᠤ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠬᠤᠶᠠᠷ ᠢ ᠬᠦᠷᠢᠶᠡᠯᠡᠬᠦ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠲᠦᠷᠦ ᠶᠢᠨ ᠪᠤᠳᠤᠯᠭ᠎ᠠ ᠪᠠᠷ ᠴᠡᠷᠢᠭ ᠢᠶᠠᠨ ᠬᠦᠷᠢᠶᠡᠯᠡᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ | ᠬᠥᠭᠵᠢᠭᠦᠯᠦᠨ᠎ᠡ ᠭᠡᠵᠦ ᠵᠢᠭᠠᠵᠦ ᠭᠠᠷᠭᠠᠪᠠ᠃ | | |