ᠡᠪᠦᠯ ᠪᠣᠯᠵᠤ ᠲᠡᠭᠷᠢ ᠬᠦᠢᠲᠡᠷᠡᠬᠦ ᠪᠠᠷ ᠬᠥᠮᠥᠰ ᠤᠨ ᠭᠡᠷ ᠤᠨ ᠭᠠᠳᠠᠨᠠᠬᠢ ᠬᠥᠳᠡᠯᠭᠡᠭᠡᠨ ᠳᠤ ᠣᠷᠤᠯᠴᠠᠬᠤ ᠶᠢ | ᠵᠣᠬᠢᠬᠤ ᠬᠡᠮᠵᠢᠶ᠎ᠡ ᠪᠠᠷ ᠨᠥᠯᠥᠭᠡᠯᠡᠬᠦ ᠪᠣᠯᠣᠯ᠎ᠠ᠃ ᠡᠪᠦᠯ ᠤᠨ ᠤᠯᠠᠷᠢᠯ ᠳᠤ ᠬᠦᠢᠲᠡᠨ ᠠᠴᠠ ᠠᠶᠤᠵᠤ ᠠᠯᠵᠠᠭᠤᠷᠠᠨ | ᠵᠠᠯᠬᠠᠭᠤᠷᠠᠵᠤ ᠭᠡᠷ ᠲᠡᠭᠡᠨ ᠰᠠᠭᠤᠬᠤ ᠨᠢ ᠵᠣᠬᠢᠰ ᠦᠭᠡᠢ ᠶᠤᠮ᠃ ᠬᠠᠷᠢᠨ ᠡᠭᠦᠨ ᠤ ᠡᠰᠡᠷᠭᠦ ᠪᠠᠷ᠂ ᠵᠣᠬᠢᠰᠲᠠᠢ | ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠬᠦ ᠨᠢ ᠬᠥᠮᠥᠰ ᠤᠨ ᠪᠡᠶ᠎ᠡ ᠮᠠᠬᠠᠪᠤᠳ ᠢ ᠴᠢᠭᠢᠷᠠᠭᠵᠢᠭᠤᠯᠵᠤ᠂ ᠡᠭᠡᠯᠢᠯᠡᠭᠡ ᠶᠢᠨ | ᠴᠢᠳᠠᠪᠤᠷᠢ ᠪᠠ ᠵᠢᠷᠦᠬᠡ ᠠᠭᠤᠰᠬᠢᠨ ᠤ ᠴᠢᠳᠠᠪᠤᠷᠢ ᠶᠢ ᠳᠡᠭᠡᠭᠰᠢᠯᠡᠭᠦᠯᠭᠦ ᠪᠠᠷ ᠪᠠᠷᠠᠬᠤ ᠦᠭᠡᠢ᠂ ᠪᠠᠰᠠ ᠪᠡᠶ᠎ᠡ | ᠮᠠᠬᠠᠪᠤᠳ ᠢ ᠬᠠᠬᠢᠷ ᠬᠦᠢᠲᠡᠨ ᠣᠷᠴᠢᠨ ᠲᠣᠭᠤᠷᠢᠨ ᠳᠤ ᠨᠠᠩ ᠰᠠᠶᠢᠨ ᠵᠣᠬᠢᠴᠠᠬᠤ ᠪᠤᠯᠭᠠᠵᠤ᠂ ᠡᠷᠡᠭᠦᠯ ᠴᠢᠭᠢᠷᠠᠭ ᠪᠠ | ᠠᠮᠢᠵᠢᠷᠠᠯ ᠤᠨ ᠬᠦᠴᠦᠨ ᠲᠠᠢ ᠪᠠᠶᠢᠬᠤ ᠶᠢ ᠪᠠᠲᠤᠯᠠᠵᠤ ᠴᠢᠳᠠᠳᠠᠭ ᠠᠵᠢ᠃ | ᠲᠡᠭᠡᠪᠡᠯ᠂ ᠶᠠᠮᠠᠷ ᠶᠠᠮᠠᠷ ᠬᠥᠳᠡᠯᠭᠡᠭᠡᠨ ᠨᠢ ᠡᠪᠦᠯ ᠤᠨ ᠤᠯᠠᠷᠢᠯ ᠳᠤ ᠲᠣᠬᠢᠷᠠᠬᠤ ᠪᠤᠢ︖ ᠡᠩ ᠲᠡᠷᠢᠭᠦᠨ ᠳᠤ | ᠭᠦᠶᠦᠵᠦ ᠪᠣᠯᠣᠨ᠎ᠠ᠃ ᠭᠦᠶᠦᠬᠦ ᠨᠢ ᠶᠠᠪᠤᠬᠤ ᠲᠤᠳᠤᠮ ᠬᠥᠮᠥᠰ ᠤᠨ ᠬᠦᠷᠢᠶᠡᠯᠡᠯ ᠢ ᠣᠯᠵᠤ ᠪᠠᠶᠢᠨ᠎ᠠ᠃ ᠲᠤᠰᠬᠠᠢ | ᠮᠡᠷᠭᠡᠵᠢᠯᠲᠡᠨ ᠤ ᠦᠵᠡᠬᠦ ᠪᠠᠷ᠂ ᠭᠦᠶᠦᠬᠦ ᠨᠢ ᠬᠦᠵᠦᠭᠦᠦ ᠰᠡᠭᠡᠷ᠂ ᠮᠥᠷᠥᠨ ᠤ ᠬᠡᠰᠡᠭ ᠤᠨ ᠠᠰᠠᠭᠤᠳᠠᠯ ᠢ ᠢᠯᠡᠳᠲᠡ | ᠰᠠᠶᠢᠵᠢᠷᠠᠭᠤᠯᠵᠤ᠂ ᠵᠢᠷᠦᠬᠡ ᠠᠭᠤᠰᠬᠢᠨ ᠤ ᠴᠢᠳᠠᠮᠵᠢ ᠶᠢ ᠳᠡᠭᠡᠭᠰᠢᠯᠡᠭᠦᠯᠵᠦ ᠪᠣᠯᠣᠨ᠎ᠠ᠃ ᠭᠡᠬᠦ ᠳᠡᠭᠡᠨ ᠪᠡᠶ᠎ᠡ ᠶᠢᠨ | ᠬᠦᠨᠳᠦ ᠪᠠᠨ ᠬᠢᠵᠠᠭᠠᠷᠯᠠᠵᠤ ᠪᠠᠶᠢᠭ᠎ᠠ ᠪᠤᠶᠤ ᠪᠡᠶ᠎ᠡ ᠪᠢᠯᠳᠠᠷ ᠤᠨ ᠬᠡᠪ ᠤᠨ ᠪᠠᠶᠢᠳᠠᠯ ᠢᠶᠠᠨ ᠪᠠᠷᠢᠮᠲᠠᠯᠠᠬᠤ ᠰᠠᠨᠠᠭ᠎ᠠ ᠲᠠᠢ | ᠬᠥᠮᠥᠰ ᠲᠤ ᠠᠪᠴᠤ ᠬᠡᠯᠡᠪᠡᠯ᠂ ᠠᠭᠠᠵᠢᠮ ᠭᠦᠶᠦᠬᠦ ᠨᠢ ᠪᠡᠶ᠎ᠡ ᠶᠢᠨ ᠳᠣᠲᠣᠷᠠᠬᠢ ᠢᠯᠡᠭᠦᠴᠡ ᠥᠭᠡᠬᠦ ᠶᠢ | ᠬᠤᠷᠣᠭᠳᠠᠭᠤᠯᠬᠤ ᠳᠤ ᠮᠠᠰᠢ ᠠᠰᠢᠭᠲᠠᠢ ᠪᠠᠶᠢᠳᠠᠭ᠃ | ᠭᠡᠪᠡᠴᠦ ᠠᠩᠬᠠᠷᠬᠤ ᠴᠢᠬᠤᠯᠠᠲᠠᠢ ᠵᠦᠢᠯ ᠭᠡᠪᠡᠯ᠂ ᠭᠦᠶᠦᠬᠦ ᠳᠡᠭᠡᠨ ᠴᠡᠴᠡᠷᠯᠢᠭ᠂ ᠭᠤᠣᠯ ᠤᠨ ᠭᠦᠪᠡᠭᠡ ᠪᠤᠶᠤ | ᠰᠤᠷᠭᠠᠭᠤᠯᠢ ᠶᠢᠨ ᠬᠦᠷᠢᠶᠡᠨ ᠤ ᠭᠦᠶᠦᠯᠲᠡ ᠶᠢᠨ ᠵᠠᠮ ᠵᠡᠷᠭᠡ ᠠᠭᠠᠷ ᠰᠢᠨ᠎ᠡ ᠰᠣᠷᠭᠤᠭ ᠣᠷᠴᠢᠨ ᠲᠣᠭᠤᠷᠢᠨ ᠢ | ᠰᠣᠩᠭᠤᠪᠠᠯ ᠰᠠᠶᠢᠨ᠂ ᠬᠠᠬᠢᠷ ᠬᠦᠢᠲᠡᠨ ᠠᠭᠤᠷ ᠠᠮᠢᠰᠬᠤᠯ ᠳᠤ ᠭᠡᠷ ᠤᠨ ᠭᠠᠳᠠᠨ᠎ᠠ ᠣᠷᠳᠣ ᠬᠤᠭᠤᠴᠠᠭ᠎ᠠ | ᠭᠦᠶᠦᠬᠦ ᠶᠢ ᠰᠠᠨᠠᠭᠠᠴᠢᠯᠠᠬᠤ ᠦᠭᠡᠢ᠃ ᠳᠠᠷᠠᠭᠠᠯᠠᠪᠠᠯ ᠳᠡᠭᠡᠰᠦ ᠦᠰᠦᠷᠴᠦ ᠪᠣᠯᠣᠨ᠎ᠠ᠃ ᠠᠭᠠᠷ ᠤᠨ ᠳᠤᠯᠠᠭᠠᠨ | ᠬᠦᠢᠲᠡᠷᠡᠬᠦ ᠶᠢ ᠳᠠᠭᠠᠯᠳᠤᠨ᠂ ᠣᠯᠠᠩᠬᠢ ᠬᠥᠮᠥᠰ ᠭᠡᠷ ᠳᠣᠲᠣᠷ᠎ᠠ ᠬᠥᠳᠡᠯᠭᠡᠭᠡᠨ ᠬᠢᠬᠦ ᠪᠣᠯᠵᠠᠢ᠂ ᠡᠭᠦᠨ ᠳᠤ ᠳᠡᠭᠡᠰᠦ | ᠦᠰᠦᠷᠬᠦ ᠨᠢ ᠠᠶᠠᠨᠳᠠᠭᠠᠨ ᠤ ᠰᠣᠩᠭᠤᠯᠲᠠ ᠶᠢᠨ ᠨᠢᠭᠡ ᠪᠣᠯᠵᠠᠢ᠃ ᠱᠠᠩᠬᠠᠢ ᠶᠢᠨ ᠪᠡᠶ᠎ᠡ ᠶᠢᠨ ᠲᠠᠮᠢᠷ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠭᠠᠵᠠᠷ ︵ᠱᠠᠩᠬᠠᠢ ᠬᠤᠲᠠ ᠶᠢᠨ ᠬᠥᠭᠡᠷᠦᠭᠦᠯᠬᠦ ᠡᠮ ᠬᠡᠷᠡᠭᠯᠡᠬᠦ ᠶᠢ ᠡᠰᠡᠷᠭᠦᠴᠡᠬᠦ ᠲᠥᠪ︶ | ᠤᠨ ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠳᠡᠭᠡᠰᠦ ᠦᠰᠦᠷᠬᠦ ᠪᠣᠯ ᠨᠢᠭᠡ ᠵᠦᠢᠯ ᠤᠨ ᠥᠨᠳᠥᠷ | ᠪᠦᠲᠦᠮᠵᠢᠲᠡᠢ ᠬᠦᠴᠢᠯᠲᠥ᠋ᠷᠥᠭᠴᠢᠲᠦ ᠬᠥᠳᠡᠯᠭᠡᠭᠡᠨ ᠪᠣᠯᠣᠨ᠎ᠠ᠂ ᠡᠭᠡᠯᠢᠯᠡᠭᠡ ᠶᠢᠨ ᠴᠢᠳᠠᠪᠤᠷᠢ ᠵᠢᠴᠢ ᠵᠢᠷᠦᠬᠡ | ᠠᠭᠤᠰᠬᠢᠨ ᠤ ᠴᠢᠳᠠᠪᠤᠷᠢ ᠶᠢ ᠳᠡᠭᠡᠭᠰᠢᠯᠡᠭᠦᠯᠭᠦ ᠪᠠᠷ ᠪᠠᠷᠠᠬᠤ ᠦᠭᠡᠢ ᠪᠠᠰᠠ ᠵᠠᠯᠠᠭᠤᠴᠤᠳ ᠪᠠᠭᠠᠴᠤᠳ ᠤᠨ ᠦᠰᠦᠨ | ᠪᠤᠶᠢᠵᠢᠯᠲᠠ ᠳᠤ ᠠᠰᠢᠭᠲᠠᠢ᠃ ᠳᠡᠭᠡᠰᠦ ᠦᠰᠦᠷᠬᠦ ᠨᠢ ᠪᠠᠰᠠ ᠪᠦᠭᠦ ᠪᠡᠶ᠎ᠡ ᠶᠢᠨ ᠣᠯᠠᠨ ᠬᠡᠰᠡᠭ ᠤᠨ ᠪᠤᠯᠴᠢᠩ ᠢ | ᠪᠤᠯᠪᠠᠰᠤᠷᠠᠭᠤᠯᠵᠤ᠂ ᠪᠡᠶ᠎ᠡ ᠶᠢᠨ ᠵᠣᠬᠢᠴᠠᠭᠤᠯᠬᠤ ᠴᠢᠳᠠᠪᠤᠷᠢ ᠶᠢ ᠪᠤᠯᠪᠠᠰᠤᠷᠠᠭᠤᠯᠵᠤ ᠴᠢᠳᠠᠨ᠎ᠠ᠃ ᠭᠡᠪᠡᠴᠦ ᠲᠤᠰᠬᠠᠢ | ᠮᠡᠷᠭᠡᠵᠢᠯᠲᠡᠨ ᠤ ᠰᠠᠨᠠᠭᠤᠯᠤᠭᠰᠠᠨ ᠢᠶᠠᠷ᠂ ᠳᠡᠭᠡᠰᠦ ᠦᠰᠦᠷᠬᠦ ᠬᠥᠳᠡᠯᠭᠡᠭᠡᠨ ᠤ ᠬᠦᠴᠦᠯᠡᠴᠡ ᠨᠡᠯᠢᠶᠡᠳ ᠶᠡᠭᠡ ᠪᠣᠯᠬᠤᠷ | ᠪᠡᠶ᠎ᠡ ᠮᠠᠬᠠᠪᠤᠳ ᠡᠷᠡᠭᠦᠯ ᠴᠢᠭᠢᠷᠠᠭ᠂ ᠬᠥᠳᠡᠯᠭᠡᠭᠡᠨ ᠬᠢᠳᠡᠭ ᠳᠠᠳᠬᠠᠯ ᠲᠠᠢ ᠬᠡᠦᠬᠡᠳ᠂ ᠵᠠᠯᠠᠭᠤᠴᠤᠳ ᠪᠠᠭᠠᠴᠤᠳ ᠪᠠ | ᠨᠠᠰᠤᠨ ᠳᠤ ᠭᠦᠷᠦᠭᠰᠡᠳ ᠲᠤ ᠲᠣᠬᠢᠷᠠᠨ᠎ᠠ᠃ ᠲᠡᠷᠡ ᠮᠥᠷᠲᠡᠭᠡᠨ ᠳᠡᠭᠡᠰᠦ ᠦᠰᠦᠷᠬᠦ ᠦᠶᠡᠰ ᠴᠢᠳᠠᠬᠤ ᠶᠢᠨ | ᠬᠢᠷᠢ ᠪᠠᠷ ᠲᠡᠭᠰᠢᠬᠡᠨ ᠮᠥᠷᠲᠡᠭᠡᠨ ᠵᠣᠬᠢᠬᠤ ᠬᠠᠷᠢᠮᠠᠬᠠᠢ ᠴᠢᠨᠠᠷ ᠲᠠᠢ ᠭᠠᠵᠠᠷ ᠤᠨ ᠭᠠᠳᠠᠷᠭᠤ ᠶᠢ ᠰᠣᠩᠭᠤᠵᠤ᠂ | ᠬᠥᠳᠡᠯᠭᠡᠭᠡᠨ ᠬᠢᠬᠦ ᠠᠴᠠ ᠡᠮᠦᠨ᠎ᠡ ᠪᠡᠶ᠎ᠡ ᠪᠠᠨ ᠰᠠᠶᠢᠲᠤᠷ ᠳᠠᠰᠬᠠᠵᠤ᠂ ᠬᠥᠳᠡᠯᠭᠡᠭᠡᠨ ᠳᠠᠭᠤᠰᠤᠭᠰᠠᠨ ᠤ ᠳᠠᠷᠠᠭ᠎ᠠ | ᠪᠡᠶ᠎ᠡ ᠪᠠᠨ ᠰᠤᠯᠠ ᠲᠠᠯᠪᠢᠬᠤ ᠨᠢ ᠪᠦᠷ ᠠᠳᠠᠯᠢᠬᠠᠨ ᠴᠢᠬᠤᠯᠠ ᠶᠤᠮ᠃ ᠳᠠᠭᠢᠪᠠᠯ ᠠᠯᠬᠤᠵᠤ ᠪᠣᠯᠣᠨ᠎ᠠ᠃ | ᠠᠯᠬᠤᠬᠤ ᠪᠣᠯ ᠨᠢᠭᠡ ᠵᠦᠢᠯ ᠤᠨ ᠪᠠᠶᠠᠷ ᠭᠦᠷ ᠲᠠᠢ ᠬᠥᠳᠡᠯᠭᠡᠭᠡᠨ ᠤ ᠭᠡᠯᠪᠡᠷᠢ ᠪᠠᠶᠢᠵᠤ᠂ ᠡᠯ᠎ᠡ ᠨᠠᠰᠤᠨ ᠤ | ᠬᠥᠮᠥᠰ ᠲᠤ ᠪᠦᠷ ᠲᠣᠬᠢᠷᠠᠨ᠎ᠠ᠃ ᠠᠯᠬᠤᠬᠤ ᠨᠢ ᠬᠤᠳᠣᠭᠤᠳᠤ ᠭᠡᠳᠡᠰᠦᠨ ᠤ ᠬᠥᠳᠡᠯᠭᠡᠭᠡᠨ ᠢ ᠠᠬᠢᠭᠤᠯᠵᠤ᠂ | ᠰᠢᠩᠭᠡᠭᠡᠯᠲᠡ ᠳᠤ ᠠᠰᠢᠭᠲᠠᠢ ᠪᠠᠷ ᠪᠠᠷᠠᠬᠤ ᠦᠭᠡᠢ᠂ ᠪᠠᠰᠠ ᠣᠶᠤᠨ ᠰᠠᠨᠠᠭᠠᠨ ᠤ ᠳᠠᠷᠤᠯᠲᠠ ᠶᠢ ᠬᠥᠩᠭᠡᠷᠡᠭᠦᠯᠵᠦ᠂ | ᠨᠦᠢᠷ ᠢ ᠰᠠᠶᠢᠵᠢᠷᠠᠭᠤᠯᠳᠠᠭ᠃ ᠨᠠᠰᠤᠲᠠᠢ ᠬᠥᠮᠥᠨ ᠪᠤᠶᠤ ᠪᠡᠶ᠎ᠡ ᠮᠠᠭᠤᠲᠠᠢ ᠬᠥᠮᠥᠨ ᠳᠤ ᠠᠪᠴᠤ ᠬᠡᠯᠡᠪᠡᠯ᠂ | ᠠᠯᠬᠤᠬᠤ ᠨᠢ ᠨᠢᠭᠡ ᠵᠦᠢᠯ ᠤᠨ ᠠᠮᠤᠷ ᠲᠦᠪᠰᠢᠨ ᠮᠥᠷᠲᠡᠭᠡᠨ ᠪᠦᠲᠦᠮᠵᠢᠲᠡᠶ ᠪᠣᠯᠪᠠᠰᠤᠷᠠᠬᠤ ᠠᠷᠭ᠎ᠠ ᠪᠣᠯᠣᠨ᠎ᠠ᠃ | ᠠᠯᠬᠤᠬᠤ ᠳᠤ ᠴᠡᠴᠡᠷᠯᠢᠭ᠂ ᠰᠠᠭᠤᠭᠠᠯᠢ ᠲᠣᠭᠤᠷᠢᠭ ᠤᠨ ᠵᠦᠯᠭᠡ ᠪᠤᠶᠤ ᠭᠤᠣᠯ ᠤᠨ ᠬᠥᠪᠡᠭᠡᠨ ᠤ ᠦᠵᠡᠮᠵᠢ | ᠰᠠᠶᠢᠬᠠᠨ᠂ ᠠᠭᠠᠷ ᠴᠡᠪᠡᠷ ᠭᠠᠵᠠᠷ ᠢ ᠰᠣᠩᠭᠤᠵᠤ ᠰᠡᠯᠡᠭᠦᠴᠡᠨ ᠠᠯᠬᠤᠵᠤ᠂ ᠪᠡᠶ᠎ᠡ ᠰᠡᠳᠬᠢᠴᠡ ᠪᠠᠨ | ᠲᠠᠶᠢᠳᠬᠤᠷᠠᠭᠤᠯᠵᠤ ᠪᠣᠯᠣᠨ᠎ᠠ᠃ | ᠳᠡᠭᠡᠷ᠎ᠡ ᠳᠤᠷᠠᠳᠤᠭᠰᠠᠨ ᠬᠥᠳᠡᠯᠭᠡᠭᠡᠨ ᠠᠴᠠ ᠭᠠᠳᠠᠨ᠎ᠠ᠂ ᠳᠤᠭᠤᠢ ᠤᠨᠤᠬᠤ᠂ ᠶᠤᠭ᠎ᠠ ᠵᠡᠷᠭᠡ ᠨᠢ ᠮᠥᠨ ᠴᠤ | ᠡᠪᠦᠯ ᠤᠨ ᠤᠯᠠᠷᠢᠯ ᠳᠤ ᠲᠣᠬᠢᠷᠠᠬᠤ ᠬᠥᠳᠡᠯᠭᠡᠭᠡᠨ ᠪᠠᠶᠢᠵᠤ ᠪᠡᠶ᠎ᠡ ᠮᠠᠬᠠᠪᠤᠳ ᠢ ᠪᠦᠲᠦᠮᠵᠢᠲᠡᠢ ᠪᠤᠯᠪᠠᠰᠤᠷᠠᠭᠤᠯᠵᠤ | ᠴᠢᠳᠠᠨ᠎ᠠ᠃ ᠳᠤᠷᠠᠳᠤᠭᠤᠰᠢᠲᠠᠢ ᠨᠢ ᠭᠡᠷ ᠤᠨ ᠭᠠᠳᠠᠨᠠᠬᠢ ᠮᠥᠰᠥ ᠴᠠᠰᠤᠨ ᠤ ᠬᠥᠳᠡᠯᠭᠡᠭᠡᠨ᠂ ᠡᠨᠡ ᠬᠦ ᠡᠪᠦᠯ ᠤᠨ | ᠤᠯᠠᠷᠢᠯ ᠳᠤ ᠣᠨᠴᠠ ᠪᠠᠶᠢᠳᠠᠭ ᠬᠥᠳᠡᠯᠭᠡᠭᠡᠨ ᠨᠢ ᠥᠪᠡᠷᠮᠢᠴᠡ ᠬᠠᠪᠤ ᠴᠡᠩᠭᠡᠯ ᠲᠠᠢ ᠪᠠᠶᠢᠵᠤ᠂ ᠠᠮᠤᠷ ᠲᠦᠪᠰᠢᠨ ᠢ | ᠪᠠᠲᠤᠯᠠᠭᠰᠠᠨ ᠪᠠᠶᠢᠳᠠᠯ ᠳᠣᠣᠷ᠎ᠠ ᠪᠠᠶᠠᠷ ᠭᠦᠷ ᠲᠠᠢ ᠤᠷᠤᠯᠴᠠᠵᠤ ᠪᠣᠯᠣᠨ᠎ᠠ᠃ ᠡᠪᠦᠯ ᠤᠨ ᠤᠯᠠᠷᠢᠯ ᠳᠤ ᠠᠭᠠᠷ ᠤᠨ | ᠳᠤᠯᠠᠭᠠᠨ ᠨᠡᠯᠢᠶᠡᠳ ᠳᠣᠣᠷ᠎ᠠ᠂ ᠣᠷᠴᠢᠨ ᠲᠣᠭᠤᠷᠢᠨ ᠤ ᠨᠥᠬᠦᠴᠡᠯ ᠣᠨᠴᠠᠭᠠᠶ ᠤᠴᠢᠷ ᠠᠴᠠ ᠬᠥᠳᠡᠯᠭᠡᠭᠡᠨ ᠬᠢᠬᠦ ᠳᠤ | ᠳᠣᠣᠷᠠᠬᠢ ᠬᠡᠳᠦᠨ ᠲᠠᠯ᠎ᠠ ᠶᠢ ᠠᠩᠬᠠᠷᠪᠠᠯ ᠵᠣᠬᠢᠨ᠎ᠠ᠃ ᠳᠠᠷᠤᠢ᠂ ᠲᠣᠬᠢᠷᠠᠮᠵᠢᠲᠠᠢ ᠲᠠᠮᠢᠷ ᠤᠨ ᠬᠤᠪᠴᠠᠰᠤ ᠪᠠ ᠱᠠᠬᠠᠢ | ᠮᠠᠯᠠᠭᠠᠢ ᠰᠣᠩᠭᠤᠵᠤ᠂ ᠬᠥᠳᠡᠯᠭᠡᠭᠡᠨ ᠬᠢᠭᠰᠡᠨ ᠤ ᠳᠠᠷᠠᠭ᠎ᠠ ᠬᠥᠯᠥᠰᠦ ᠭᠠᠷᠴᠤ ᠬᠢᠮᠤᠷᠠᠬᠤ ᠠᠴᠠ ᠰᠡᠷᠭᠡᠶᠢᠯᠡᠬᠦ | ᠴᠢᠬᠤᠯᠠᠲᠠᠢ ; ᠬᠥᠳᠡᠯᠭᠡᠭᠡᠨ ᠬᠢᠬᠦ ᠠᠴᠠ ᠡᠮᠦᠨ᠎ᠡ ᠵᠠᠪᠠᠯ ᠭᠦᠢᠴᠡᠳ ᠪᠡᠯᠡᠳᠬᠡᠯ ᠬᠥᠳᠡᠯᠭᠡᠭᠡᠨ ᠬᠢᠬᠦ ᠬᠡᠷᠡᠭᠲᠡᠢ᠂ | ᠵᠢᠱᠢᠶᠡᠯᠡᠪᠡᠯ ᠤᠳᠠᠭᠠᠨ ᠭᠦᠶᠦᠬᠦ᠂ ᠦᠶ᠎ᠡ ᠭᠡᠰᠢᠭᠦᠦ ᠪᠠᠨ ᠰᠤᠩᠭᠠᠬᠤ ᠵᠡᠷᠭᠡ ᠨᠢ ᠬᠥᠳᠡᠯᠭᠡᠭᠡᠨ ᠬᠢᠬᠦ ᠠᠴᠠ ᠪᠣᠯᠵᠤ | ᠭᠡᠮᠲᠦᠬᠦ ᠲᠦᠭᠰᠢᠭᠦᠷᠢ ᠶᠢ ᠪᠠᠭᠠᠰᠬᠠᠵᠤ ᠴᠢᠳᠠᠨ᠎ᠠ ; ᠬᠥᠳᠡᠯᠭᠡᠭᠡᠨ ᠤ ᠬᠡᠮᠵᠢᠶ᠎ᠡ ᠪᠠᠨ ᠲᠣᠬᠢᠷᠠᠭᠤᠯᠵᠤ᠂ ᠬᠡᠲᠦᠷᠬᠡᠢ | ᠶᠠᠳᠠᠷᠠᠬᠤ ᠠᠴᠠ ᠰᠡᠷᠭᠡᠶᠢᠯᠡᠬᠦ ᠬᠡᠷᠡᠭᠲᠡᠢ᠂ ᠥᠪᠡᠷ ᠤᠨ ᠪᠡᠶ᠎ᠡ ᠶᠢᠨ ᠪᠠᠶᠢᠳᠠᠯ ᠪᠠ ᠬᠥᠳᠡᠯᠭᠡᠭᠡᠨ ᠤ ᠴᠢᠳᠠᠪᠤᠷᠢ ᠪᠠᠨ | ᠦᠨᠳᠦᠰᠦᠯᠡᠨ ᠲᠣᠬᠢᠷᠠᠮᠵᠢᠲᠠᠢ ᠬᠥᠳᠡᠯᠭᠡᠭᠡᠨ ᠬᠢᠵᠦ᠂ ᠠᠯᠬᠤᠮ ᠳᠠᠷᠠᠭ᠎ᠠ ᠲᠠᠢ ᠪᠠᠷ ᠬᠥᠳᠡᠯᠭᠡᠭᠡᠨ ᠤ ᠬᠡᠮᠵᠢᠶ᠎ᠡ ᠪᠠᠨ | ᠨᠡᠮᠡᠭᠳᠡᠭᠦᠯᠵᠦ᠂ ᠬᠥᠳᠡᠯᠭᠡᠭᠡᠨ ᠬᠡᠲᠦᠷᠡᠭᠰᠡᠨ ᠠᠴᠠ ᠪᠣᠯᠵᠤ ᠪᠡᠶ᠎ᠡ ᠮᠠᠬᠠᠪᠤᠳ ᠲᠤ ᠳᠠᠷᠤᠭᠠᠰᠤ ᠪᠤᠯᠬᠤ ᠠᠴᠠ | ᠵᠠᠶᠢᠯᠠᠰᠭᠢᠨ᠎ᠡ ; ᠤᠰᠤ ᠨᠥᠬᠦᠪᠦᠷᠢᠯᠡᠨ᠎ᠡ᠂ ᠬᠡᠳᠦ᠋ᠢᠪᠡᠷ ᠡᠪᠦᠯ ᠤᠨ ᠤᠯᠠᠷᠢᠯ ᠳᠤ ᠬᠥᠯᠥᠰᠦ ᠪᠠᠭ᠎ᠠ ᠭᠠᠷᠬᠤ | ᠪᠤᠯᠪᠠᠴᠤ᠂ ᠪᠡᠶ᠎ᠡ ᠮᠠᠬᠠᠪᠤᠳ ᠮᠥᠨ ᠯᠡ ᠤᠰᠤ ᠨᠥᠬᠦᠪᠦᠷᠢᠯᠡᠬᠦ ᠴᠢᠬᠤᠯᠠᠲᠠᠢ᠂ ᠬᠥᠳᠡᠯᠭᠡᠭᠡᠨ ᠬᠢᠬᠦ ᠠᠴᠠ ᠡᠮᠦᠨ᠎ᠡ | ᠬᠤᠶᠢᠨ᠎ᠠ ᠵᠣᠬᠢᠬᠤ ᠬᠡᠮᠵᠢᠶᠡᠨ ᠤ ᠪᠦᠯᠢᠶᠡᠨ ᠤᠰᠤ ᠤᠤᠭᠤᠵᠤ ᠪᠡᠶ᠎ᠡ ᠶᠢᠨ ᠤᠰᠤᠨ ᠤ ᠲᠡᠩᠴᠡᠭᠦᠷᠢ ᠶᠢ ᠪᠠᠲᠤᠯᠠᠪᠠᠯ | ᠵᠤᠭᠢᠨ᠎ᠠ ; ᠠᠮᠤᠷ ᠲᠦᠪᠰᠢᠨ ᠢ ᠠᠩᠬᠠᠷᠬᠤ ᠴᠢᠬᠤᠯᠠᠲᠠᠢ᠂ ᠡᠪᠦᠯ ᠤᠨ ᠤᠯᠠᠷᠢᠯ ᠳᠤ ᠵᠠᠮ ᠬᠠᠯᠲᠤᠷᠢᠭ᠎ᠠ ᠲᠠᠢ᠂ | ᠣᠨᠴᠠᠭᠠᠶᠢᠯᠠᠨ ᠮᠥᠰᠥ ᠴᠠᠰᠤ ᠲᠠᠢ ᠭᠠᠵᠠᠷ ᠲᠤ ᠬᠥᠳᠡᠯᠭᠡᠭᠡᠨ ᠬᠢᠬᠦ ᠳᠡᠭᠡᠨ ᠠᠮᠤᠷ ᠲᠦᠪᠰᠢᠨ ᠢ ᠣᠨᠴᠠᠭᠠᠶᠢᠯᠠᠨ | ᠠᠩᠬᠠᠷᠬᠤ ᠬᠡᠷᠡᠭᠲᠡᠢ᠃ | ᠡᠪᠦᠯ ᠤᠨ ᠤᠯᠠᠷᠢᠯ ᠳᠤ ᠲᠠᠮᠢᠷ ᠤᠨ ᠬᠥᠳᠡᠯᠭᠡᠭᠡᠨ ᠬᠢᠬᠦ ᠨᠢ ᠨᠢᠭᠡ ᠵᠦᠢᠯ ᠤᠨ ᠢᠳᠡᠪᠬᠢᠲᠡᠢ᠂ ᠡᠷᠡᠭᠦᠯ ᠰᠠᠷᠠᠭᠤᠯ | ᠠᠮᠢᠳᠤᠷᠠᠯ ᠤᠨ ᠠᠷᠭ᠎ᠠ ᠭᠡᠯᠪᠡᠷᠢ ᠪᠣᠯᠣᠨ᠎ᠠ᠂ ᠪᠢᠳᠡ ᠥᠪᠡᠷ ᠤᠨ ᠪᠡᠶ᠎ᠡ ᠳᠡᠭᠡᠨ ᠲᠣᠬᠢᠷᠠᠭᠰᠠᠨ ᠬᠥᠳᠡᠯᠭᠡᠭᠡᠨ ᠤ ᠵᠦᠢᠯ ᠢ | ᠰᠣᠩᠭᠤᠬᠤ ᠶᠢᠨ ᠬᠠᠮᠲᠤ ᠬᠥᠳᠡᠯᠭᠡᠭᠡᠨ ᠤ ᠶᠠᠪᠤᠴᠠ ᠳᠠᠬᠢ ᠨᠠᠷᠢᠨ ᠵᠦᠢᠯᠡᠰ ᠢ ᠰᠠᠶᠢᠲᠤᠷ ᠠᠩᠬᠠᠷᠴᠤ᠂ ᠬᠥᠳᠡᠯᠭᠡᠭᠡᠨ ᠤ | ᠬᠠᠪᠤ ᠴᠡᠩᠭᠡᠯ ᠢ ᠡᠳ᠋ᠯᠡᠬᠦ ᠶᠢᠨ ᠵᠡᠷᠭᠡ ᠪᠠᠷ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠤᠶ᠎ᠠ︕ | | |