ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠤᠨ ᠵᠤᠷᠭᠠᠨ ᠤ ᠳᠠᠷᠤᠭ᠎ᠠ ᠯᠢᠦ ᠳ᠋ᠧᠩ ᠹᠧᠩ 6 ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠰᠢᠨ᠎ᠡ ᠶᠢ ᠡᠭᠦᠳᠬᠦ 50 ᠵᠤᠷᠪᠤᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠢᠭᠡᠨᠲᠡ ᠨᠡᠶᠢᠲᠡᠯᠡᠪᠡ ᠭᠡᠵᠡᠢ᠃ | ᠲᠤᠬᠠᠢ ᠶᠢᠨ ᠡᠳᠦᠷ ᠶᠠᠪᠤᠭᠳᠠᠭᠰᠠᠨ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ | ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠯᠢᠦ ᠳ᠋ᠧᠩ ᠹᠧᠩ᠂ 50 ᠵᠦᠢᠯ ᠤᠨ ᠠᠷᠭ᠎ᠠ ᠬᠡᠮᠵᠢᠶ᠎ᠡ ᠨᠢ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠰᠢᠰᠲ᠋ᠧᠮ ᠢ ᠪᠠᠶᠢᠭᠤᠯᠬᠤ᠂ ᠪᠣᠭᠤᠮᠲᠠ | ᠰᠢᠪᠲᠤᠯᠬᠤ ᠡᠭᠦᠷᠭᠡ ᠶᠢ ᠴᠤᠮᠬᠠᠳᠬᠠᠬᠤ᠂ ᠪᠣᠭᠤᠮᠲᠠ ᠰᠢᠪᠲᠤᠯᠬᠤ ᠪᠦᠯᠭᠦᠮ ᠨᠡᠶᠢᠲᠡ ᠶᠢ ᠰᠢᠯᠢᠨ ᠰᠣᠩᠭᠤᠬᠤ᠂ | ᠲᠥᠷᠥᠯ ᠵᠦᠢᠯ ᠤᠨ ᠬᠠᠮᠢᠶᠠᠷᠤᠯᠲᠠ ᠶᠢ ᠪᠦᠷᠢᠨᠰᠢᠭᠦᠯᠬᠦ᠂ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠬᠦ᠂ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠤᠶ ᠪᠤᠯᠭᠠᠬᠤ᠂ ᠲᠠᠪᠴᠠᠩ ᠤᠨ | ᠪᠠᠶᠢᠭᠤᠯᠤᠯᠲᠠ ᠶᠢ ᠠᠬᠢᠭᠤᠯᠬᠤ᠂ ᠵᠢᠱᠢᠵᠦ ᠦᠨᠡᠯᠡᠬᠦ ᠶᠢ ᠲᠡᠭᠦᠯᠳᠡᠷᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ᠂ ᠲᠤᠰᠬᠠᠢ ᠮᠡᠷᠭᠡᠵᠢᠯ ᠤᠨ ᠦᠢᠯᠡᠴᠢᠯᠡᠭᠡ ᠶᠢ ᠪᠦᠷᠢᠨᠰᠢᠭᠦᠯᠬᠦ ᠵᠡᠷᠭᠡ 10 ᠲᠠᠯ᠎ᠠ ᠶᠢᠨ ᠲᠣᠭᠤᠷᠢᠨ ᠳᠤ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ | ᠪᠠᠶᠢᠷᠢᠯᠠᠭᠤᠯᠪᠠ ᠭᠡᠵᠦ ᠲᠠᠨᠢᠯᠴᠠᠭᠤᠯᠵᠠᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ | ᠪᠣᠯᠣᠨ᠎ᠠ᠃ | ᠲᠠᠨᠢᠯᠴᠠᠭᠤᠯᠤᠭᠰᠠᠨ ᠢᠶᠠᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠲᠥᠪ ᠤᠨ | ᠪᠠ ᠣᠷᠣᠨ ᠨᠤᠲᠤᠭ ᠤᠨ ᠥᠨᠳᠥᠷ ᠪᠦᠲᠦᠮᠵᠢᠲᠡᠶ ᠬᠠᠮᠵᠢᠯᠴᠠᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠠᠳᠠᠯᠢ | ᠪᠤᠰᠤ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠶᠢᠨ ᠬᠤᠯᠪᠤᠭᠠᠯᠠᠨ ᠬᠥᠳᠡᠯᠦᠯᠴᠡᠬᠦ ᠪᠠ ᠠᠳᠠᠯᠢ ᠪᠤᠰᠤ | ᠰᠢᠨ᠎ᠡ ᠶᠢ ᠡᠭᠦᠳᠬᠦ ᠭᠤᠣᠯ ᠴᠣᠭᠴᠠ ᠶᠢᠨ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ ᠶᠢ ᠴᠢᠩᠭᠠᠳᠬᠠᠪᠠ᠃ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠪᠦᠭᠦ ᠬᠡᠯᠬᠢᠶᠡᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠰᠢᠰᠲ᠋ᠧᠮ ᠢ ᠪᠠᠶᠢᠭᠤᠯᠬᠤ ᠶᠢᠨ ᠲᠥᠯᠥᠭᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ︽1 + 2 + 2 + 3 + X︾ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠰᠢᠰᠲ᠋ᠧᠮ ᠢ ᠪᠠᠶᠢᠭᠤᠯᠪᠠ᠂ ᠲᠤᠬᠠᠶᠢᠯᠠᠪᠠᠯ ︽1 + 2︾ ᠪᠣᠯ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠤᠯᠤᠰ ᠤᠨ ᠬᠢᠲᠠᠳ ᠡᠮᠨᠡᠯᠭᠡ ᠶᠢᠨ ᠲᠣᠪᠴᠢᠶ᠎ᠠ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠣᠪᠴᠢᠶ᠎ᠠ ᠪᠣᠯᠣᠨ᠎ᠠ᠂ ︽+ 2︾ ᠪᠣᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠬᠤᠶᠠᠷ | ᠲᠤᠰᠬᠠᠢ ᠪᠠᠶᠢᠭᠤᠯᠤᠮᠵᠢ ᠪᠣᠯᠣᠨ᠎ᠠ᠂ ︽+ 3︾ ᠪᠣᠯ ᠤᠯᠤᠰ ᠤᠨ ᠲᠠᠰ ᠤᠨ ᠠᠨᠠᠭᠠᠬᠤ ᠤᠬᠠᠭᠠᠨ ᠤ ᠰᠢᠨᠵᠢᠯᠡᠬᠦ | ᠤᠬᠠᠭᠠᠨ ᠤ ᠰᠤᠳᠤᠯᠭᠠᠨ ᠤ ᠭᠤᠷᠪᠠᠨ ᠪᠠᠶᠢᠭᠤᠯᠤᠮᠵᠢ ᠪᠣᠯᠣᠨ᠎ᠠ᠂ ︽+ X︾ ᠪᠣᠯ ᠥᠷᠭᠡᠨ ᠣᠯᠠᠨ ᠥᠨᠳᠥᠷ ᠬᠢᠷᠢ | ᠲᠦᠪᠰᠢᠨ ᠪᠦᠬᠦᠢ ᠰᠤᠳᠤᠯᠭᠠᠨ ᠤ ᠭᠡᠯᠪᠡᠷᠢ ᠶᠢᠨ ᠶᠡᠭᠡ ᠰᠤᠷᠭᠠᠭᠤᠯᠢ᠂ ᠰᠤᠳᠤᠯᠭᠠᠨ ᠤ ᠭᠡᠯᠪᠡᠷᠢ ᠶᠢᠨ ᠡᠮᠴᠢᠯᠡᠭᠡᠨ ᠤ | ᠪᠠᠶᠢᠭᠤᠯᠤᠮᠵᠢ᠂ ᠰᠢᠨ᠎ᠡ ᠶᠢ ᠡᠭᠦᠳᠬᠦ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠬᠦᠷᠢᠶᠡᠨ ᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ | ᠪᠣᠯᠣᠨ᠎ᠠ᠃ | ᠡᠭᠦᠨ ᠤ ᠬᠠᠮᠲᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠯᠤᠰ ᠤᠨ ᠡᠮᠴᠢᠯᠡᠭᠡᠨ ᠤ | ᠠᠨᠠᠭᠠᠬᠤ ᠤᠬᠠᠭᠠᠨ ᠤ ᠰᠤᠳᠤᠯᠭᠠᠨ ᠤ ᠲᠥᠪ ᠪᠣᠯᠣᠨ ᠡᠯ᠎ᠡ ᠲᠥᠷᠥᠯ ᠤᠨ ᠤᠯᠤᠰ ᠤᠨ ᠲᠠᠰ ᠤᠨ ᠠᠨᠠᠭᠠᠬᠤ | ᠤᠬᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠰᠢᠨ᠎ᠡ ᠶᠢ ᠡᠭᠦᠳᠬᠦ ᠡᠮ ᠤᠨ ᠵᠦᠢᠯ ᠢ ᠰᠤᠳᠤᠯᠤᠨ ᠨᠡᠭᠡᠭᠡᠬᠦ᠂ ᠰᠢᠨ᠎ᠡ ᠪᠠᠷ ᠡᠭᠦᠰᠬᠦ | ᠭᠡᠨᠡᠳᠲᠡ ᠡᠭᠦᠰᠬᠦ ᠪᠠ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠪᠠᠭᠲᠠᠭᠠᠭᠰᠠᠨ | ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ | ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠦᠷᠭᠦᠯᠵᠢᠯᠡᠭᠦᠯᠬᠦ ᠠᠵᠢᠯ ᠢ ᠦᠷᠭᠦᠯᠵᠢᠯᠡᠨ ᠠᠬᠢᠭᠤᠯᠬᠤ ᠪᠣᠯᠣᠨ᠎ᠠ᠃ |