ᠬᠦᠢᠲᠡᠨ ᠠᠭᠤᠷ ᠠᠮᠢᠰᠬᠤᠯ ᠤᠨ ᠨᠥᠯᠥᠭᠡ ᠠᠴᠠ ᠪᠣᠯᠵᠣ᠂ ᠣᠶᠢᠷ᠎ᠠ ᠶᠢᠨ ᠡᠳᠦᠷ ᠤᠳ ᠲᠤ ᠤᠯᠤᠰ ᠤᠨ | ᠵᠠᠮ ᠤᠨ G207 ᠱᠤᠭᠤᠮ ᠪᠠᠶᠢᠨ ᠳᠠᠬᠢᠨ ᠴᠠᠰᠤ ᠰᠢᠭᠤᠷᠭᠠᠨ ᠳᠤ ᠳᠠᠭᠠᠷᠢᠭᠳᠠᠵᠤ᠂ ᠵᠠᠮ ᠤᠨ ᠨᠢᠭᠤᠷ ᠦᠵᠡᠭᠳᠡᠬᠦ | ᠬᠡᠮᠵᠢᠶ᠎ᠡ ᠳᠣᠤᠷ᠎ᠠ᠂ ᠴᠠᠰᠤ ᠮᠥᠰᠥ ᠬᠦᠨᠳᠦ ᠨᠣᠴᠢᠲᠠᠶ ᠪᠣᠯᠵᠣ᠂ ᠵᠠᠰᠠᠮᠠᠯ ᠵᠠᠮ ᠤᠨ ᠠᠮᠤᠷ ᠲᠦᠪᠰᠢᠨ ᠳᠤ ᠬᠦᠨᠳᠦ | ᠨᠣᠴᠢᠲᠠᠶ ᠰᠦᠷᠳᠡᠭᠦᠯᠦᠯ ᠪᠣᠯᠪᠠ᠃ ᠬᠦᠢᠲᠡᠨ ᠠᠭᠤᠷ ᠠᠮᠢᠰᠬᠤᠯ ᠤᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠶᠡᠷᠦᠩᠬᠡᠶ ᠠᠩᠭᠢ ᠶᠢᠨ ᠠᠷᠪᠠᠨ ᠭᠤᠷᠪᠠᠳᠤᠭᠠᠷ ᠰᠠᠯᠪᠤᠷᠢ ᠠᠩᠭᠢ ᠶᠢᠨ ᠠᠷᠪᠠᠨ ᠳᠣᠯᠣᠳᠤᠭᠠᠷ ᠶᠡᠭᠡ ᠠᠩᠭᠢ ᠴᠠᠰᠤ ᠪᠠᠷ | ᠵᠠᠷᠯᠢᠭ ᠪᠣᠯᠭᠠᠵᠤ᠂ ᠴᠠᠰᠤ ᠶᠢ ᠠᠷᠢᠯᠭᠠᠵᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠨᠢᠭᠡᠳᠦᠭᠡᠷ ᠹᠷᠣᠨᠲ ᠢ ᠪᠠᠲᠤ | ᠰᠠᠬᠢᠵᠤ᠂ ᠴᠠᠰᠤ ᠰᠢᠭᠤᠷᠭᠠᠨ ᠢ ᠰᠥᠷᠴᠦ᠂ ᠰᠠᠭᠠᠲᠠᠭᠰᠠᠨ ᠲᠡᠷᠭᠡ ᠬᠥᠰᠬᠡ ᠶᠢ ᠬᠥᠲᠥᠯᠥᠨ ᠵᠢᠯᠣᠭᠤᠳᠴᠤ᠂ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠠᠵᠢᠯ ᠢ ᠥᠷᠨᠢᠭᠦᠯᠵᠦ᠂ ᠬᠠᠲᠠᠭᠤ ᠰᠢᠷᠦᠭᠦᠨ ᠴᠠᠭ ᠠᠭᠤᠷ ᠤᠨ | ᠵᠠᠮ ᠤᠨ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ ᠡᠭᠦᠷᠭᠡᠯᠡᠯ ᠢᠶᠠᠨ ᠲᠠᠶᠢᠯᠪᠤᠷᠢᠯᠠᠵᠤ᠂ ᠴᠠᠭᠠᠨ | ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠥᠷᠭᠡᠨ ᠣᠯᠠᠨ ᠲᠦᠮᠡᠨ ᠤ ᠶᠠᠪᠤᠵᠤ ᠰᠠᠭᠤᠬᠤ ᠠᠮᠤᠷ | ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠪᠠ᠃ | 2 ᠰᠠᠷ᠎ᠠ ᠶᠢᠨ 6 ᠤ ᠡᠳᠦᠷ ᠤᠨ ᠣᠷᠣᠢ ᠠᠴᠠ ᠡᠬᠢᠯᠡᠨ᠂ ᠤᠯᠤᠰ ᠤᠨ ᠵᠠᠮ ᠤᠨ G207 ᠱᠤᠭᠤᠮ ᠤᠨ ᠪᠠᠶ | ᠾᠥᠸᠧ ᠨᠢᠭᠡᠳᠦᠭᠡᠷ ᠳᠡᠰ ᠤᠨ ᠵᠠᠰᠠᠮᠠᠯ ᠵᠠᠮ ᠳᠠᠬᠢᠨᠲᠠ ᠴᠠᠰᠤ ᠰᠢᠭᠤᠷᠭᠠᠨ ᠳᠤ ᠳᠠᠭᠠᠷᠢᠭᠳᠠᠵᠤ᠂ ᠮᠠᠭᠤ ᠠᠭᠤᠷ | ᠠᠮᠢᠰᠬᠤᠯ ᠳᠤ ᠨᠥᠯᠥᠭᠡᠯᠡᠭᠳᠡᠵᠦ᠂ ᠵᠠᠮ ᠤᠨ ᠦᠵᠡᠭᠳᠡᠴᠡ ᠳᠣᠤᠷ᠎ᠠ᠂ ᠲᠡᠷᠭᠡ ᠬᠥᠰᠬᠡ ᠨᠡᠪᠲᠡᠷᠡᠬᠦ ᠨᠥᠬᠦᠴᠡᠯ | ᠪᠦᠷᠢᠯᠳᠦᠭᠦᠯᠦᠭᠡᠳᠦᠶ ᠪᠠᠶᠢᠪᠠᠯ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠮᠡᠳᠡᠭᠳᠡᠯ ᠨᠡᠶᠢᠲᠡᠯᠡᠵᠦ | ᠤᠯᠤᠰ ᠤᠨ ᠵᠠᠮ ᠤᠨ G207 ᠱᠤᠭᠤᠮ ᠤᠨ ᠪᠠᠶ ᠾᠥᠸᠧ ᠨᠢᠭᠡᠳᠦᠭᠡᠷ ᠳᠡᠰ ᠤᠨ ᠵᠠᠰᠠᠮᠠᠯ ᠵᠠᠮ ᠳᠤ ᠵᠠᠮ | ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠵᠤ᠂ ᠪᠣᠶ ᠪᠥᠬᠦᠶ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠪᠠ᠃ | ᠴᠠᠰᠤ ᠣᠷᠣᠭᠰᠠᠨ ᠠᠴᠠ ᠪᠣᠯᠵᠤ ᠬᠡᠰᠡᠭ ᠥᠩᠭᠡᠷᠡᠬᠦ ᠲᠡᠷᠭᠡ ᠬᠠᠷᠢᠶᠠᠲᠤ ᠣᠷᠣᠨ ᠤ ᠰᠦᠢᠳᠭᠡᠯ ᠬᠤᠷᠢᠶᠠᠬᠤ | ᠲᠠᠯᠠᠪᠠᠢ ᠶᠢ ᠬᠠᠷᠰᠢᠯᠠᠪᠠ᠃ | 2 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠲᠤᠰ ᠶᠡᠭᠡ ᠠᠩᠬᠢ ᠶᠢᠨ ᠠᠵᠢᠯᠲᠠᠳ ᠰᠠᠭᠠᠲᠠᠭᠰᠠᠨ | ᠤᠯᠠᠨ ᠲᠦᠮᠡᠨ ᠤ ᠤᠲᠠᠰᠤ ᠶᠢ ᠬᠦᠯᠢᠶᠡᠨ ᠠᠪᠴᠤ ᠲᠤᠰᠠᠯᠠᠮᠵᠢ ᠭᠤᠶᠤᠪᠠ᠂ ᠤᠴᠢᠷ ᠨᠢ ᠵᠠᠮ ᠬᠠᠷᠢᠯᠴᠠᠭᠠᠨ ᠤ | ᠵᠠᠬᠢᠷᠤᠨ ᠬᠠᠮᠢᠶᠠᠷᠤᠯᠲᠠ ᠨᠢᠭᠡᠨᠲᠡ ᠠᠷᠪᠠᠨ ᠬᠡᠳᠦᠨ ᠴᠠᠭ ᠵᠣᠭᠰᠣᠵᠤ᠂ ᠲᠤᠬᠠᠢ ᠶᠢᠨ ᠲᠠᠯᠠᠪᠠᠢ ᠶᠢᠨ ᠠᠭᠠᠷ ᠤᠨ | ᠳᠤᠯᠠᠭᠠᠨ ᠲᠡᠭ ᠠᠴᠠ ᠳᠣᠷᠣᠭᠰᠢ 30 ᠭᠷᠠᠳᠦ᠋ᠰ ᠣᠶᠢᠷᠠᠳᠴᠤ᠂ ᠲᠡᠷᠭᠡᠨ ᠤ ᠰᠢᠲᠠᠭᠠᠯᠭ᠎ᠠ ᠶᠢᠨ ᠲᠤᠰᠤ ᠤᠳᠠᠯ | ᠦᠭᠡᠢ ᠠᠷᠢᠯᠵᠤ᠂ ᠲᠡᠷᠭᠡᠨ ᠳᠡᠭᠡᠷ᠎ᠡ ᠢᠯᠡᠭᠦᠴᠡ ᠤᠰᠤ ᠪᠠ ᠢᠳᠡᠭᠡᠨ ᠪᠡᠯᠡᠳᠬᠡᠭᠰᠡᠨ ᠦᠭᠡᠢ᠂ ᠪᠠᠴᠢᠮ ᠬᠠᠪᠰᠤᠷᠤᠯᠭ᠎ᠠ | ᠬᠡᠷᠡᠭᠲᠡᠢ ᠭᠡᠵᠡᠢ᠃ ᠣᠯᠠᠨ ᠲᠦᠮᠡᠨ ᠤ ᠲᠤᠰᠠᠯᠠᠮᠵᠢ ᠭᠤᠶᠤᠴᠢᠯᠠᠬᠤ ᠤᠲᠠᠰᠤ ᠶᠢ ᠣᠯᠤᠭᠰᠠᠨ ᠤ ᠳᠠᠷᠠᠭ᠎ᠠ᠂ ᠲᠣᠰ | ᠶᠡᠭᠡ ᠠᠩᠭᠢ ᠲᠡᠷᠡ ᠳᠠᠷᠤᠶ ᠳᠤᠨᠢ ᠬᠠᠲᠠᠭᠤ ᠠᠭᠤᠷ ᠠᠮᠢᠰᠬᠤᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠡᠬᠢᠯᠡᠭᠦᠯᠵᠦ᠂ ᠵᠠᠮ ᠳᠠᠭᠠᠤ ᠶᠢᠨ ᠡᠯ᠎ᠡ ᠳᠤᠮᠳᠠ ᠠᠩᠭᠢ ᠶᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ | ᠰᠦᠢᠳᠬᠡᠯ ᠬᠤᠷᠢᠶᠠᠬᠤ᠂ ᠠᠷᠠᠴᠢᠯᠠᠨ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠡᠳ᠋ ᠪᠣᠳᠠᠰ | ᠲᠥᠪᠯᠡᠷᠡᠭᠦᠯᠦᠨ ᠲᠤᠬᠠᠶ ᠶᠢᠨ ᠲᠠᠯᠠᠪᠤᠷ ᠲᠤ ᠬᠦᠷᠴᠦ ᠠᠪᠤᠷᠠᠨ ᠲᠤᠰᠠᠯᠠᠵᠤ᠂ ᠬᠦᠴᠢᠷᠳᠡᠯ ᠳᠤ ᠤᠴᠠᠷᠠᠭᠰᠠᠨ ᠲᠡᠷᠭᠡ | ᠨᠡᠯᠢᠶᠡᠳ ᠣᠯᠠᠨ ᠪᠣᠯᠬᠤᠷ ᠬᠥᠯᠳᠡᠵᠦ ᠰᠢᠷᠬᠠᠲᠤᠭᠰᠠᠨ ᠬᠡᠷᠡᠭ ᠭᠠᠷᠬᠤ ᠠᠴᠠ ᠰᠡᠷᠭᠡᠶᠢᠯᠡᠬᠦ ᠶᠢᠨ ᠲᠥᠯᠥᠭᠡ᠂ ᠣᠯᠠᠨ | ᠰᠠᠯᠠᠭ᠎ᠠ ᠮᠥᠴᠢᠷ ᠵᠥᠪᠳᠡᠯᠴᠡᠭᠰᠡᠨ ᠤ ᠳᠠᠷᠠᠭ᠎ᠠ ᠤᠷᠢᠳᠠᠪᠠᠷ ᠰᠦᠢᠳᠭᠡᠯ ᠬᠤᠷᠢᠶᠠᠬᠤ ᠲᠠᠯᠠᠪᠠᠶ ᠶᠢᠨ ᠣᠶᠢᠷ᠎ᠠ | ᠬᠠᠪᠢ ᠶᠢᠨ ᠪᠠᠷᠠᠭᠠᠨ ᠤ ᠲᠡᠷᠭᠡ ᠶᠢᠨ ᠵᠢᠯᠣᠭᠤᠴᠢ ᠪᠠ ᠠᠶᠠᠨᠴᠢᠳ ᠢ ᠰᠠᠭᠤᠭ᠎ᠠ ᠭᠠᠵᠠᠷ ᠤᠨ ᠬᠤᠭᠤᠯᠠᠨ ᠬᠡᠷ ᠲᠤ | ᠠᠪᠠᠴᠢᠵᠤ ᠬᠤᠭᠤᠯᠠᠯᠠᠬᠤ ᠪᠠᠷ ᠲᠣᠭᠲᠠᠵᠤ᠂ ᠨᠥᠭᠦᠭᠡ ᠲᠠᠯ᠎ᠠ ᠪᠠᠷ ᠤᠳᠬᠤᠭᠤᠷ ᠲᠡᠷᠭᠡ ᠶᠢ ᠵᠠᠮ ᠨᠡᠭᠡᠭᠡᠬᠦ᠂ ᠬᠠᠤᠯᠢ | ᠬᠡᠷᠡᠭᠵᠢᠭᠦᠯᠬᠦ ᠲᠡᠷᠭᠡ ᠶᠢᠨ ᠳᠠᠷᠤᠯᠲᠠᠲᠤ ᠬᠤᠷᠳᠤᠴᠠ ᠶᠢᠨ ᠪᠦᠰᠡᠨ ᠤ ᠠᠷᠭ᠎ᠠ ᠮᠠᠶ᠋ᠢᠭ ᠢᠶᠠᠷ ᠲᠤᠬᠠᠶ ᠶᠢᠨ ᠲᠠᠯᠠᠪᠤᠷ ᠤᠨ | 30 ᠭᠠᠷᠤᠶ ᠬᠤᠪᠢ ᠶᠢᠨ ᠲᠡᠷᠭᠡ ᠶᠢ ᠰᠦᠢᠳᠬᠡᠯ ᠬᠤᠷᠢᠶᠠᠬᠤ ᠥᠷᠲᠡᠭᠡ ᠶᠢᠨ ᠣᠶᠢᠷ᠎ᠠ ᠬᠠᠪᠢ ᠶᠢᠨ ᠪᠠᠭᠤᠳᠠᠯ ᠳᠤ | ᠰᠢᠯᠵᠢᠭᠦᠯᠦᠨ ᠲᠥᠪᠬᠢᠨᠡᠭᠦᠯᠬᠦ ᠶᠢᠨ ᠬᠠᠮᠲᠤ ᠵᠣᠴᠢᠳ ᠤᠨ ᠪᠠᠭᠤᠳᠠᠯ ᠳᠤ ᠬᠤᠨᠤᠭᠯᠠᠵᠠᠢ᠃ ᠳᠠᠷᠠᠭ᠎ᠠ ᠨᠢ᠂ ᠰᠦᠢᠳᠭᠡᠯ | ᠬᠤᠷᠢᠶᠠᠬᠤ ᠲᠠᠯᠠᠪᠠᠶ ᠶᠢᠨ ᠰᠠᠭᠠᠲᠠᠭᠰᠠᠨ ᠲᠡᠷᠭᠡ ᠬᠥᠰᠬᠡ ᠶᠢ ᠦᠷᠭᠦᠯᠵᠢᠯᠡᠨ ᠵᠢᠯᠣᠭᠤᠳᠴᠤ ᠡᠮᠬᠢ ᠵᠢᠷᠤᠮ ᠲᠠᠢ ᠪᠠᠷ | ᠵᠣᠭᠰᠣᠭᠠᠬᠤ ᠶᠢᠨ ᠬᠠᠮᠲᠤ ᠰᠦᠶ᠋ᠳᠬᠡᠯ ᠬᠤᠷᠢᠶᠠᠬᠤ ᠥᠬᠡᠶ ᠭᠤᠯᠢᠷ᠂ ᠲᠠᠯᠬ᠎ᠠ ᠪᠠ ᠬᠠᠯᠠᠭᠤᠨ ᠤᠰᠤ ᠶᠢ | ᠬᠠᠰᠢᠭᠳᠠᠭᠰᠠᠨ ᠣᠯᠠᠨ ᠲᠦᠮᠡᠨ ᠤ ᠭᠠᠷ ᠲᠤ ᠬᠦᠷᠭᠡᠬᠦ ᠶᠢᠨ ᠬᠠᠮᠲᠤ ᠵᠢᠯᠣᠭᠤᠴᠢ ᠠᠶᠠᠨᠴᠢᠳ ᠤᠨ ᠤᠷᠮ᠎ᠠ | ᠰᠡᠳᠬᠢᠯᠭᠡ ᠶᠢ ᠲᠠᠶᠢᠳᠬᠤᠷᠠᠭᠤᠯᠵᠤ᠂ ᠵᠠᠮ ᠤᠨ ᠪᠠᠶᠢᠳᠠᠯ ᠢ ᠲᠠᠶᠢᠯᠪᠤᠷᠢᠯᠠᠬᠤ᠂ ᠱᠤᠭᠤᠮ ᠤᠨ ᠵᠢᠯᠣᠭᠤᠳᠣᠯᠭ᠎ᠠ ᠪᠠ | ᠴᠠᠭ ᠲᠤᠬᠠᠶ ᠳᠤᠨᠢ ᠵᠠᠮ ᠤᠨ ᠪᠠᠶᠢᠳᠠᠯ ᠢ ᠠᠰᠠᠭᠤᠨ ᠯᠠᠪᠯᠠᠬᠤ ᠵᠡᠷᠭᠡ ᠠᠵᠢᠯ ᠢ ᠰᠠᠶᠢᠲᠤᠷ ᠬᠢᠵᠦ᠂ ᠥᠷᠭᠡᠨ ᠣᠯᠠᠨ | ᠨᠤᠲᠤᠭ ᠲᠠᠭᠠᠨ ᠪᠤᠴᠠᠭᠰᠠᠨ ᠣᠯᠠᠨ ᠲᠦᠮᠡᠨ ᠳᠤ ᠬᠠᠯᠠᠭᠤᠨ ᠳᠤᠯᠠᠭᠠᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ | ᠥᠭᠪᠡ᠃ | ᠣᠳᠣᠬᠠᠨ ᠪᠣᠯᠲᠠᠯ᠎ᠠ᠂ ᠬᠠᠤᠯᠢ ᠬᠡᠷᠡᠭᠵᠢᠭᠦᠯᠬᠦ ᠲᠡᠷᠭᠡ ᠬᠥᠰᠬᠡ ᠶᠢ ᠨᠡᠶᠢᠲᠡ 9 ᠤᠳᠠᠭ᠎ᠠ᠂ ᠬᠠᠤᠯᠢ | ᠬᠡᠷᠡᠭᠵᠢᠭᠦᠯᠬᠦ ᠠᠵᠢᠯᠲᠠᠨ ᠢ 18 ᠬᠥᠮᠦᠨ ᠤᠳᠠᠭ᠎ᠠ ᠬᠥᠳᠡᠯᠭᠡᠵᠦ᠂ 30 ᠭᠠᠷᠤᠶ ᠰᠠᠭᠠᠲᠠᠭᠰᠠᠨ ᠲᠡᠷᠭᠡ ᠬᠥᠰᠬᠡ ᠶᠢ | ᠰᠢᠯᠵᠢᠭᠦᠯᠵᠦ᠂ ᠰᠠᠭᠠᠲᠠᠭᠰᠠᠨ ᠣᠯᠠᠨ ᠲᠦᠮᠡᠨ ᠵᠢᠴᠢ ᠵᠢᠯᠣᠭᠤᠴᠢ ᠪᠠ ᠠᠶᠠᠨᠴᠢᠳ ᠢ 60 ᠭᠠᠷᠤᠶ ᠠᠪᠤᠷᠠᠨ | ᠲᠤᠰᠠᠯᠠᠵᠤ᠂ ᠡᠯ᠎ᠡ ᠲᠥᠷᠥᠯ ᠤᠨ ᠡᠳ᠋ ᠪᠣᠳᠠᠰ ᠢ 100 ᠭᠠᠷᠤᠶ ᠬᠤᠪᠢ ᠲᠠᠷᠬᠠᠭᠠᠪᠠ᠃ |