ᠰᠢ ᠶᠢᠨ ᠫᠢᠩ ᠪᠣᠯᠣᠨ ᠫᠧᠩ ᠯᠢ ᠶᠤᠸᠠᠨ ᠬᠠᠷᠪᠢᠨ ᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠬᠤ ᠳᠠᠶᠢᠯᠠᠯᠭ᠎ᠠ ᠬᠢᠪᠡ
ᠨᠡᠶᠢᠲᠡᠯᠡᠭᠰᠡᠨ ᠴᠠᠭ᠄
2025/2/10
 ᠰᠢᠨᠬᠤᠸᠠ ᠬᠤᠷᠢᠶ᠎ᠠ ᠶᠢᠨ ᠬᠠᠷᠪᠢᠨ ᠤ 2 ᠰᠠᠷ᠎ᠠ ᠶᠢᠨ 7 ᠤ ᠴᠠᠭᠢᠯᠭᠠᠨ ᠮᠡᠳᠡᠭᠡ   2 ᠰᠠᠷ᠎ᠠ ᠶᠢᠨ 7 ᠤ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠬᠠᠷᠠᠮᠥ᠋ᠷᠡᠨ ᠮᠤᠵᠢ ᠶᠢᠨ ᠬᠠᠷᠪᠢᠨ ᠬᠤᠳᠠ ᠶᠢᠨ ᠲᠠᠢ ᠶᠠᠩ ᠳ᠋ᠣᠣ ᠵᠣᠴᠢᠳ ᠤᠨ ᠪᠠᠭᠤᠳᠠᠯ ᠳᠤ ᠳᠠᠶᠢᠯᠠᠯᠭ᠎ᠠ ᠬᠢᠵᠦ᠂ ᠬᠠᠷᠪᠢᠨ ᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠪᠠ᠃      ᠲᠡᠳᠡ ᠪᠣᠯ᠄ ᠪᠷᠦ᠋ᠨ᠋ᠸᠢ ᠶᠢᠨ ᠰᠦᠳᠠᠨ ᠬᠠᠰᠠᠩᠨᠠᠷ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠪᠣᠯᠣᠨ ᠲᠡᠭᠦᠨ ᠤ ᠬᠠᠳᠤᠨ ᠵᠠᠫᠠᠯᠦᠸᠠ᠂ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ᠂ ᠲᠠᠢ ᠤᠯᠤᠰ ᠤᠨ ᠶᠡᠷᠦᠩᠬᠡᠢ ᠰᠠᠶᠢᠳ ᠫᠸᠶᠢᠲ᠋ᠦ᠋ᠩᠲ᠋ᠠᠨ᠂ ᠺᠤᠷᠢᠶᠠ ᠶᠢᠨ ᠤᠯᠤᠰ ᠤᠨ ᠬᠤᠷᠠᠯ ᠤᠨ ᠳᠠᠷᠤᠭ᠎ᠠ ᠢᠦᠢ ᠶᠤᠸᠠᠨ ᡁᠢ ᠪᠣᠯᠣᠨ ᠲᠡᠭᠦᠨ ᠤ ᠬᠠᠳᠤᠨ ᠱᠧᠨ ᠵᠢᠩ ᠬᠤᠢ ᠵᠢᠴᠢ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠪᠠᠾᠧ᠂ ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠭᠢᠯᠡᠭᠴᠢᠳ ᠤᠨ ᠬᠤᠷᠠᠯ ᠤᠨ ᠨᠢᠭᠡᠳᠦᠭᠡᠷ ᠳᠡᠳ᠋ ᠲᠡᠷᠢᠭᠦᠯᠡᠭᠴᠢ ᠾᠥᠸᠧ ᠵᠧᠨ ᠲᠢᠩ ᠨᠠᠷ ᠪᠣᠯᠣᠨ᠎ᠠ᠃

     2 ᠰᠠᠷ᠎ᠠ ᠶᠢᠨ 7 ᠤ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ

ᠬᠠᠷᠠᠮᠥ᠋ᠷᠡᠨ ᠮᠤᠵᠢ ᠶᠢᠨ ᠬᠠᠷᠪᠢᠨ ᠬᠤᠳᠠ ᠶᠢᠨ ᠲᠠᠢ ᠶᠠᠩ ᠳ᠋ᠣᠣ ᠵᠣᠴᠢᠳ ᠤᠨ ᠪᠠᠭᠤᠳᠠᠯ ᠳᠤ ᠳᠠᠶᠢᠯᠠᠯᠭ᠎ᠠ ᠬᠢᠵᠦ  ᠂

ᠬᠠᠷᠪᠢᠨ ᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ

ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠤᠯᠠᠨ ᠤᠯᠤᠰ ᠤᠨ ᠬᠦᠨᠳᠦᠲᠦ

ᠵᠣᠴᠢᠳ ᠢ ᠤᠭᠲᠤᠪᠠ᠃ ᠵᠢᠷᠤᠭ ᠪᠣᠯ ᠰᠢ ᠶᠢᠨ ᠫᠢᠩ ᠪᠣᠯᠣᠨ ᠫᠧᠩ ᠯᠢ ᠶᠤᠸᠠᠨ ᠡᠷᠬᠢᠮ ᠵᠣᠴᠢᠳ ᠲᠠᠢ ᠬᠠᠮᠲᠤ ᠶᠢᠨ ᠭᠡᠷᠡᠯ

ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠵᠦ ᠪᠠᠶᠢᠭ᠎ᠠ ᠨᠢ᠃

     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠳ᠋ᠢᠩ ᠬᠠᠢ ᠲᠤᠤ  ᠰᠡᠭᠦᠳᠡᠷᠯᠡᠪᠡ

     ᠴᠠᠭᠠᠨ ᠰᠠᠷ᠎ᠠ ᠶᠢᠨ ᠮᠥᠰᠥᠨ ᠬᠤᠳᠠ ᠮᠥᠩᠭᠦᠨ ᠬᠤᠪᠴᠠᠰᠤ ᠬᠡᠲᠦᠷᠴᠦ᠂ ᠪᠡᠯᠭᠡᠲᠦ ᠴᠠᠰᠤ ᠡᠯᠪᠡᠭ ᠬᠤᠷᠢᠶᠠᠯᠲᠠ ᠶᠢ

ᠪᠡᠯᠭᠡᠳᠡᠨ᠎ᠡ᠃

     ᠰᠢ ᠶᠢᠨ ᠫᠢᠩ ᠪᠣᠯᠣᠨ ᠫᠧᠩ ᠯᠢ ᠶᠤᠸᠠᠨ ᠬᠦᠨᠳᠦᠲᠦ ᠵᠣᠴᠢᠳ ᠲᠠᠢ ᠬᠠᠷᠢᠯᠴᠠᠨ ᠴᠠᠭᠠᠨ ᠰᠠᠷ᠎ᠠ ᠶᠢᠨ ᠵᠥᠩᠨᠡᠯ

ᠳᠡᠪᠰᠢᠭᠦᠯᠵᠦ᠂ ᠳᠣᠲᠣᠨᠣ ᠪᠠᠷ ᠭᠠᠷ ᠠᠳᠬᠤᠵᠤ ᠬᠠᠮᠲᠤ ᠶᠢᠨ ᠭᠡᠷᠡᠯ ᠵᠢᠷᠤᠭ  ᠲᠠᠲᠠᠭᠤᠯᠵᠤ ᠳᠤᠷᠠᠰᠬᠠᠯ ᠦᠯᠡᠳᠡᠭᠡᠪᠡ᠃

     ᠳᠤᠮᠳᠠᠳᠤ ᠭᠠᠳᠠᠭᠠᠳᠤ ᠶᠢᠨ ᠦᠨᠳᠦᠰᠦᠲᠡᠨ ᠤ ᠬᠤᠪᠴᠠᠰᠤ ᠵᠠᠰᠠᠯ ᠲᠠᠢ 40 ᠪᠠᠭᠠᠴᠤᠳ ᠬᠡᠦᠬᠡᠳ ᠬᠠᠷᠠᠮᠥ᠋ᠷᠡᠨ ᠤ

ᠠᠷᠠᠳ ᠤᠨ ᠳᠠᠭᠤᠤ ︽ᠦᠰᠰᠦ᠋ᠷᠢ ᠮᠥᠷᠡᠨ ᠤ ᠣᠩᠭᠤᠴᠠᠴᠢᠨ ᠤ ᠳᠠᠭᠤᠤ︾ ᠶᠢ ᠳᠠᠭᠤᠯᠠᠵᠤ᠂ ᠤᠯᠠᠨ ᠤᠯᠤᠰ ᠤᠨ

ᠬᠦᠨᠳᠦᠲᠦ ᠵᠣᠴᠢᠳ ᠢ ᠬᠠᠯᠠᠭᠤᠨ ᠢᠶᠠᠷ ᠤᠭᠲᠤᠪᠠ᠃

     ᠳᠠᠶᠢᠯᠠᠯᠭ᠎ᠠ ᠶᠢᠨ ᠲᠢᠩᠬᠢᠮ ᠳᠤ ᠮᠥᠰᠥ ᠴᠠᠰᠤᠨ ᠤ ᠦᠪᠡᠳᠡᠭᠰᠢ ᠴᠤᠭᠯᠠᠭᠠᠨ ᠪᠣᠯᠣᠨ ᠬᠥᠭᠵᠢᠶᠡᠨᠲᠦ ᠴᠠᠭᠠᠨ

ᠰᠠᠷ᠎ᠠ ᠶᠢᠨ ᠠᠭᠤᠷ ᠠᠮᠢᠰᠬᠤᠯ ᠰᠣᠯᠪᠢᠴᠠᠵᠤ᠂ ᠪᠠᠶᠠᠷ ᠭᠦᠷ ᠢᠶᠠᠷ ᠪᠢᠯᠬᠠᠨ᠎ᠠ᠃

     ᠰᠢ ᠶᠢᠨ ᠫᠢᠩ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ

ᠤᠯᠤᠰ ᠤᠨ ᠠᠷᠠᠳ ᠲᠦᠮᠡᠨ ᠤ ᠡᠮᠦᠨ᠎ᠡ ᠠᠴᠠ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ

ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ ᠢᠷᠡᠭᠰᠡᠨ ᠤᠯᠠᠨ ᠤᠯᠤᠰ ᠤᠨ ᠬᠦᠨᠳᠦᠲᠦ

ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃

     ᠰᠢ ᠶᠢᠨ ᠫᠢᠩ᠂ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ

ᠴᠤᠭᠯᠠᠭᠠᠨ ᠤ ᠠᠷᠢᠭᠤᠨ ᠭᠠᠯ ᠢ ᠡᠨᠡ ᠣᠷᠣᠢ ᠠᠰᠠᠭᠠᠨ᠎ᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ

ᠲᠠᠮᠢᠷ ᠤᠨ ᠴᠤᠭᠯᠠᠭᠠᠨ ᠠᠴᠠ ᠬᠠᠷᠪᠢᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠭᠦᠷᠳᠡᠯ᠎ᠠ᠂

ᠳᠤᠮᠳᠠᠳᠤ ᠤᠯᠤᠰ ᠤᠨ ︽ᠮᠥᠰᠥ ᠴᠠᠰᠤᠨ ᠤ ᠬᠠᠯᠠᠮᠰᠢᠯ︾ ᠪᠦᠭᠦ ᠤᠯᠤᠰ ᠲᠤ ᠲᠠᠷᠬᠠᠵᠤ᠂ ᠳᠡᠯᠡᠬᠡᠢ ᠶᠢᠨ ᠮᠥᠰᠥ

ᠴᠠᠰᠤᠨ ᠤ ᠲᠠᠮᠢᠷ ᠤᠨ ᠬᠥᠳᠡᠯᠭᠡᠭᠡᠨ ᠳᠤ ᠴᠤ ᠠᠮᠢᠵᠢᠷᠠᠯ ᠤᠨ ᠬᠦᠴᠦᠨ ᠨᠡᠮᠡᠷᠢᠯᠡᠪᠡ᠃ ᠲᠤᠰ ᠬᠤᠭᠤᠴᠠᠭᠠᠨ ᠤ

ᠤᠷᠤᠯᠳᠤᠭᠠᠨ ᠳᠤ ᠣᠷᠤᠯᠴᠠᠬᠤ ᠤᠯᠤᠰ ᠪᠠ ᠭᠠᠵᠠᠷ ᠣᠷᠣᠨ ᠤ ᠲᠤᠭ᠎ᠠ᠂ ᠲᠠᠮᠢᠷᠴᠢᠳ ᠤᠨ ᠲᠤᠭ᠎ᠠ ᠴᠥᠮ ᠠᠽᠢᠶ᠎ᠠ

ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠡᠦᠬᠡ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠴᠡᠢ᠃

ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠭᠢᠯᠡᠭᠴᠢᠳ ᠤᠨ ᠬᠤᠷᠠᠯ ᠪᠣᠯᠣᠨ ᠡᠯ᠎ᠡ

ᠤᠯᠤᠰ ᠡᠯ᠎ᠡ ᠭᠠᠵᠠᠷ ᠣᠷᠣᠨ ᠤ ᠲᠥᠯᠥᠭᠡᠯᠡᠭᠴᠢᠳ ᠤᠨ ᠪᠦᠯᠭᠦᠮ ᠤᠨ ᠬᠠᠮᠲᠤ ᠶᠢᠨ ᠴᠢᠷᠮᠠᠶᠢᠯᠭ᠎ᠠ ᠪᠠᠷ ᠬᠠᠷᠪᠢᠨ ᠳᠡᠯᠡᠬᠡᠢ

ᠳ᠋ᠠᠬᠢᠨ ᠳᠤ ᠨᠢᠭᠡ ᠬᠤᠭᠤᠴᠠᠭᠠᠨ ᠤ ︽ᠳᠤᠮᠳᠠᠳᠤ ᠤᠯᠤᠰ ᠤᠨ ᠣᠨᠴᠠᠯᠢᠭ ᠲᠠᠢ᠂ ᠠᠽᠢᠶ᠎ᠠ ᠲᠢᠪ ᠤᠨ ᠬᠡᠪ ᠨᠠᠮᠪᠠ ᠲᠠᠢ᠂

ᠭᠤᠶᠢᠳᠠ ᠰᠠᠶᠢᠬᠠᠨ︾ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠦᠵᠡᠭᠦᠯᠵᠦ᠂ ᠮᠥᠰᠥ ᠴᠠᠰᠤᠨ ᠤ ᠰᠢᠨ᠎ᠡ

ᠬᠠᠭᠤᠳᠠᠰᠤ ᠶᠢ ᠪᠢᠴᠢᠭᠯᠡᠬᠦ ᠶᠢ ᠪᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃

     ᠰᠢ ᠶᠢᠨ ᠫᠢᠩ᠂ ᠲᠣᠰ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ︽

ᠮᠥᠰᠥ ᠴᠠᠰᠤᠨ ᠤ ᠬᠠᠮᠲᠤ ᠶᠢᠨ ᠬᠦᠰᠡᠯ᠂ ᠠᠽᠢᠶ᠎ᠠ ᠲᠢᠪ ᠤᠨ ᠬᠠᠮᠲᠤ ᠶᠢᠨ ᠰᠡᠳᠬᠢᠯ︾ ᠭᠡᠬᠦ ᠭᠤᠣᠯ ᠰᠡᠳᠦᠪ ᠲᠠᠢ ᠪᠠᠶᠢᠵᠤ

᠂ ᠠᠽᠢᠶ᠎ᠠ ᠲᠢᠪ ᠤᠨ ᠠᠷᠠᠳ ᠲᠦᠮᠡᠨ ᠤ ᠡᠩᠬᠡ ᠲᠠᠶᠢᠪᠤᠩ᠂ ᠬᠥᠭᠵᠢᠯᠲᠡ᠂ ᠨᠥᠬᠦᠷᠯᠡᠯ ᠤᠨ ᠲᠤᠬᠠᠢ ᠬᠠᠮᠲᠤ ᠶᠢᠨ ᠬᠦᠰᠡᠯ

ᠡᠷᠡᠮᠡᠯᠵᠡᠯ ᠪᠠ ᠬᠥᠭᠡᠭᠡᠴᠡᠯᠳᠦᠯ ᠢ ᠠᠴᠢᠶᠠᠯᠠᠪᠠ᠃ ᠠᠮᠤᠷ ᠲᠠᠶᠢᠪᠤᠩ ᠡᠶ᠎ᠡ ᠨᠠᠶᠢᠷᠠᠮᠳᠠᠭᠤ ᠬᠠᠮᠲᠤ ᠶᠢᠨ ᠬᠦᠰᠡᠯ ᠵᠡᠭᠦᠳᠦ ᠪᠠᠨ

ᠪᠠᠲᠤ ᠰᠠᠬᠢᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯᠳᠡ ᠳᠤ ᠠᠽᠢᠶ᠎ᠠ ᠲᠢᠪ ᠤᠨ ᠬᠦᠴᠦᠨ

ᠴᠢᠳᠠᠯ ᠢᠶᠠᠨ ᠡᠷᠭᠦᠶ᠎ᠡ᠃ ᠴᠡᠴᠡᠭᠯᠡᠨ ᠬᠥᠭᠵᠢᠬᠦ ᠬᠠᠮᠲᠤ ᠶᠢᠨ ᠬᠥᠭᠡᠭᠡᠴᠡᠯᠳᠦᠯ ᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯᠲᠤ

ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠳᠤ ᠰᠢᠷᠭᠢᠰᠢ ᠦᠭᠡᠢ ᠬᠥᠳᠡᠯᠭᠡᠬᠦ ᠬᠦᠴᠦᠨ ᠨᠡᠮᠡᠷᠢᠯᠡᠶ᠎ᠡ᠃ ᠬᠠᠷᠢᠯᠴᠠᠨ

ᠡᠯᠢᠭᠡᠰᠡᠭ ᠳᠣᠲᠣᠨᠣ ᠬᠠᠮᠲᠤ ᠶᠢᠨ ᠬᠦᠰᠡᠯ ᠢ ᠪᠡᠶᠡᠯᠡᠭᠦᠯᠵᠦ᠂ ᠬᠥᠮᠥᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ

ᠲᠠᠪᠰᠢᠯᠳᠠ ᠳᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠪᠠ᠃

     ᠰᠢ ᠶᠢᠨ ᠫᠢᠩ᠂ ᠬᠠᠷᠪᠢᠨ ᠪᠣᠯ ᠳᠤᠮᠳᠠᠳᠤ ᠤᠯᠤᠰ ᠤᠨ ᠣᠳᠣ ᠦᠶ᠎ᠡ ᠶᠢᠨ ᠮᠥᠰᠥ ᠴᠠᠰᠤᠨ ᠤ ᠲᠠᠮᠢᠷ ᠤᠨ

ᠬᠥᠳᠡᠯᠭᠡᠭᠡᠨ ᠤ ᠡᠭᠦᠰᠦᠯ ᠤᠨ ᠭᠠᠵᠠᠷ ᠪᠣᠯᠣᠨ᠎ᠠ᠃ ︽ᠮᠥᠰᠥ ᠴᠠᠰᠤᠲᠤ ᠲᠠᠯ᠎ᠠ ᠨᠤᠲᠤᠭ ᠴᠤ ᠠᠯᠲᠠᠨ ᠠᠭᠤᠯᠠ ᠮᠥᠩᠭᠦᠨ

ᠬᠠᠶᠢᠷᠬᠠᠨ ᠮᠥᠨ︾᠂ ᠮᠥᠰᠥ ᠴᠠᠰᠤᠨ ᠤ ᠰᠣᠶᠣᠯ ᠪᠣᠯᠣᠨ ᠮᠥᠰᠥ ᠴᠠᠰᠤᠨ ᠤ ᠠᠵᠤ ᠠᠬᠤᠢ ᠶᠠᠭ ᠬᠠᠷᠪᠢᠨ ᠤ ᠴᠢᠨᠠᠷ

ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠪᠣᠯᠣᠨ ᠭᠠᠳᠠᠭᠠᠳᠤ ᠨᠡᠭᠡᠭᠡᠯᠲᠡ ᠶᠢᠨ ᠰᠢᠨ᠎ᠡ ᠬᠤᠯᠪᠣᠭᠠᠰᠤ ᠪᠣᠯᠵᠤ

ᠪᠠᠶᠢᠨ᠎ᠠ᠃ ᠤᠯᠠᠨ ᠢᠶᠠᠷ ᠢᠶᠠᠨ ᠡᠨᠡ ᠬᠦ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠨᠡᠭᠡᠭᠡᠯᠲᠡᠲᠡᠢ ᠪᠠᠭᠲᠠᠭᠠᠮᠵᠢᠲᠠᠢ ᠬᠠᠷ᠎ᠠ

ᠬᠥᠷᠥᠰᠥᠲᠦ ᠨᠤᠲᠤᠭ ᠢᠶᠠᠷ ᠵᠢᠭᠤᠯᠴᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠯᠠ ᠮᠥᠷ ᠢ

ᠡᠷᠢᠯᠬᠢᠯᠡᠵᠦ᠂ ᠮᠠᠷᠲᠠᠭᠳᠠᠰᠢ ᠦᠭᠡᠢ ᠰᠠᠶᠢᠨ ᠰᠠᠶᠢᠬᠠᠨ ᠮᠥᠰᠥ ᠴᠠᠰᠤᠨ ᠤ ᠳᠤᠷᠠᠰᠤᠮᠵᠢ ᠦᠯᠡᠳᠡᠭᠡᠬᠦ ᠶᠢ ᠪᠠᠶᠠᠷᠯᠠᠨ

ᠤᠭᠲᠤᠵᠤ ᠪᠠᠶᠢᠨ᠎ᠠ᠃ ᠲᠠᠮᠢᠷᠴᠢᠳ ᠤᠷᠤᠯᠳᠤᠭᠠᠨ ᠤ ᠲᠠᠯᠠᠪᠤᠷ ᠲᠤ ᠬᠤᠷᠴᠠ ᠱᠠᠯᠠᠮᠠᠭᠠᠢ ᠪᠠᠶᠢᠵᠤ᠂ ᠰᠢᠯᠢᠳᠡᠭ ᠬᠢᠷᠢ

ᠪᠦᠲᠦᠮᠵᠢ ᠶᠢ ᠵᠣᠷᠢᠭᠲᠠᠢ ᠪᠠᠷ ᠡᠭᠦᠳᠬᠦ ᠶᠢ ᠢᠷᠦᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃

     ᠼᠠᠢ ᠴᠢ᠂ ᠸᠠᠩ ᠢ᠂ ᠾᠧ ᠯᠢ ᠹᠧᠩ᠂ ᠸᠠᠩ ᠰᠢᠶᠣᠣ ᠬᠤᠩ᠂ ᠱᠧᠨ ᠢ ᠴᠢᠨ ᠨᠠᠷ ᠠᠵᠢᠯᠯᠠᠭ᠎ᠠ ᠳᠤ

ᠣᠷᠣᠯᠴᠠᠵᠠᠢ᠃

     ᠤᠭᠲᠤᠬᠤ ᠲᠠᠶᠢᠯᠠᠯᠭ᠎ᠠ ᠡᠬᠢᠯᠡᠬᠦ ᠠᠴᠠ ᠡᠮᠦᠨ᠎ᠡ᠂ ᠬᠦᠨᠳᠦᠲᠦ ᠵᠣᠴᠢᠳ ᠬᠠᠷᠠᠮᠥ᠋ᠷᠡᠨ ᠤ ᠪᠣᠳᠠᠰ ᠤᠨ ᠪᠤᠰᠤ

ᠰᠣᠶᠣᠯ ᠤᠨ ᠥᠪ ᠤᠨ ᠳᠡᠯᠭᠡᠨ ᠦᠵᠡᠭᠦᠯᠭᠡ ᠶᠢ ᠰᠣᠨᠢᠷᠬᠠᠪᠠ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号