ᠬᠤᠲᠠ ᠶᠢᠨ ᠵᠠᠰᠠᠭ ᠤᠨ ᠣᠷᠳᠣᠨ 2025 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/14
      2 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠬᠤᠲᠠ ᠶᠢᠨ ᠵᠠᠰᠠᠭ ᠤᠨ ᠣᠷᠳᠣᠨ ᠤ 2025 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠱᠠᠨ ᠯᠢᠶᠠᠨ ᠾᠧᠩ᠂ ᠸᠠᠩ ᠮᠢᠶᠣᠣ᠂ ᠯᠢᠦ ᠽᠧᠩ ᠰᠢ᠂ ᠸᠠᠩ ᠵᠢᠶᠦ᠋ᠨ ᠭᠦᠸᠧ᠂ ᠰᠥᠩ ᠴᠢ ᠵᠧ᠂ ᠰᠦᠨ ᠸᠧᠶ ᠨᠠᠨ᠂ ᠵᠣᠣ ᠱᠢ ᠶᠢᠨ ᠵᠢᠴᠢ ᠬᠤᠤᠯᠢᠩᠭᠤᠤᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠳᠡᠳ᠋ ᠡᠷᠬᠢᠯᠡᠭᠴᠢ ᠰᠦᠨ ᠬᠤᠸᠠᠢ ᠵᠢᠶᠠᠩ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

   ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠩᠯᠢᠶᠣᠤ ᠬᠤᠳᠠ ᠶᠢᠨ ᠵᠢᠷᠭᠤᠳᠤᠭᠠᠷ

ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ

ᠠᠵᠢᠯ ᠤᠨ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠳᠠ ᠳᠤ ᠨᠡᠪᠲᠡᠷᠡᠭᠰᠡᠨ ᠵᠢᠯ ᠳᠤ

10 ᠲᠦᠮᠡᠨ ᠲᠣᠨ ᠳᠠᠬᠢᠯᠲᠠ ᠬᠦᠩᠭᠡᠨ ᠴᠠᠭᠠᠨ ᠤ ᠳᠡᠭᠡᠳᠦ ᠲᠡᠰ ᠤᠨ ᠬᠠᠶᠢᠯᠤᠰᠢ ᠶᠢᠨ ᠲᠦᠷᠦᠯ ᠵᠦᠢᠯ ᠤᠨ ᠪᠡᠯᠡ

ᠣᠷᠣᠭᠤᠯᠤᠯᠲᠠ ᠶᠢᠨ ᠵᠥᠪᠯᠡᠯᠴᠡᠭᠡᠷ︾᠂ ︽ ᠴᠧᠩ ᠲᠤᠩ ᠵᠢᠯ ᠳᠤ 12 ᠲᠦᠮᠡᠨ ᠲᠣᠨ ᠬᠠᠶᠢᠯᠤᠰᠢᠨ ᠰᠢᠳᠠᠮ᠂ 6

ᠲᠦᠮᠡᠨ ᠲᠣᠨ ᠠᠵᠤ ᠦᠢᠯᠡᠳᠪᠦᠷᠢ ᠶᠢᠨ ᠬᠡᠯᠪᠡᠷᠢ ᠶᠢᠨ ᠮᠠᠲ᠋ᠧᠷᠢᠶᠠᠯ ᠤᠨ ᠲᠦᠷᠦᠯ ᠵᠦᠢᠯ ︵ᠨᠢᠭᠡᠳᠦᠭᠡᠷ ᠬᠤᠭᠤᠴᠠᠭ᠎ᠠ

︶ ᠤᠨ ᠨᠥᠬᠦᠪᠥᠷᠢ ᠵᠥᠪᠯᠡᠯᠴᠡᠭᠡᠷ ︵ᠬᠤᠶᠠᠷ︶︾ ᠵᠡᠷᠭᠡ ᠵᠥᠪᠯᠡᠯᠴᠡᠭᠡᠷ ᠤᠨ ᠠᠭᠤᠯᠭ᠎ᠠ ᠶᠢ ᠬᠢᠨᠠᠨ ᠵᠥᠪᠯᠡᠵᠦ

ᠪᠠᠲᠤᠯᠠᠪᠠ᠃

   ᠵᠢᠢ ᠬᠠᠢ ᠶᠠᠩ ᠥᠩᠭᠡᠷᠡᠭᠰᠡᠨ ᠨᠢᠭᠡ ᠵᠢᠯ ᠤᠨ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ

ᠡᠯ᠎ᠡ ᠵᠦᠢᠯ ᠤᠨ ᠦᠢᠯᠡᠰ ᠤᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ ᠣᠳᠣᠬᠠᠨ ᠤ

ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠠᠷᠠᠭᠠᠴᠢ ᠶᠢᠨ ᠠᠯᠬᠤᠮ ᠤᠨ ᠬᠥᠭᠵᠢᠯᠲᠡ ᠳᠤ ᠤᠷᠤᠭᠰᠢᠯᠠᠬᠤ

ᠴᠢᠭᠯᠡᠯ ᠢ ᠲᠣᠳᠣᠷᠬᠠᠶ ᠵᠢᠭᠠᠨ ᠥᠭᠴᠦ᠂ ᠭᠤᠤᠯᠳᠠᠯᠭ᠎ᠠ ᠲᠠᠢ ᠡᠭᠦᠷᠭᠡ ᠪᠠᠨ ᠲᠣᠳᠣᠷᠬᠠᠶᠢᠯᠠᠨ᠂ ᠢᠲᠡᠭᠡᠯ ᠵᠣᠷᠢᠭ ᠢᠶᠠᠨ

ᠪᠠᠲᠤᠳᠬᠠᠪᠠ᠃ ᠲᠡᠷᠡ᠂ ᠡᠯ᠎ᠡ ᠰᠠᠯᠠᠭ᠎ᠠ ᠮᠥᠴᠢᠷ ᠨᠢᠭᠡᠴᠡ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠨᠢᠭᠡᠳᠬᠡᠵᠦ᠂

ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠠᠵᠢᠯ ᠤᠨ ᠱᠠᠭᠠᠷᠳᠠᠯᠭ᠎ᠠ ᠶᠢ ᠪᠦᠬᠦ

ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠠᠵᠢᠯᠯᠠᠬᠤ ᠶᠢ

ᠲᠡᠷᠢᠭᠦᠨ ᠳᠤ ᠲᠠᠯᠪᠢᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠰᠠᠶᠢᠲᠤᠷ ᠡᠬᠢᠯᠡᠭᠦᠯᠬᠦ ᠶᠢᠨ

ᠲᠥᠯᠥᠭᠡ ᠰᠠᠶᠢᠲᠤᠷ ᠡᠬᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠷᠲᠡ ᠠᠴᠠ ᠪᠣᠳᠠᠲᠠᠢ ᠲᠥᠯᠥᠪᠵᠢᠭᠦᠯᠵᠦ᠂

ᠲᠦᠷᠭᠡᠨ ᠠᠵᠢᠯᠯᠠᠬᠤ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ

ᠤᠷᠢᠵᠤ ᠪᠡᠯᠡ ᠣᠷᠣᠭᠤᠯᠬᠤ ᠶᠢ ᠢᠮᠠᠭᠲᠠ ᠠᠵᠤ ᠠᠬᠤᠢ ᠶᠢ ᠠᠳᠠᠯᠢᠳᠬᠠᠬᠤ᠂ ᠬᠥᠭᠵᠢᠯᠲᠡ ᠶᠢ ᠠᠬᠢᠭᠤᠯᠬᠤ ︽

ᠬᠦᠴᠦᠲᠦ ᠬᠥᠳᠡᠯᠭᠡᠭᠦᠷ︾ ᠪᠣᠯᠭᠠᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠵᠤ᠂ ᠪᠡᠯᠡ

ᠣᠷᠣᠭᠤᠯᠤᠯᠲᠠ ᠶᠢ ᠠᠬᠢᠭᠤᠯᠵᠤ᠂ ᠠᠷᠠᠯᠵᠢᠶᠠᠴᠢᠨ ᠤᠷᠢᠬᠤ ᠶᠢ ᠡᠷᠡᠰ ᠭᠤᠶᠢᠪᠢᠰᠢ ᠦᠭᠡᠢ ᠠᠳᠬᠤᠵᠤ᠂ ᠠᠵᠤ

ᠦᠢᠯᠡᠰ ᠢ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠪᠦᠬᠦ

ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ

᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠳᠡᠭᠡᠳᠦ ᠲᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠴᠦ

᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ︽ᠡᠬᠢᠯᠡᠯᠲᠡ ᠳᠠᠷᠤᠢ ᠰᠢᠢᠳᠪᠦᠷᠢᠲᠦ ᠳᠠᠶᠢᠯᠠᠯᠳᠤᠭᠠᠨ᠂

ᠡᠬᠢᠯᠡᠯᠲᠡ ᠶᠢᠨ ᠲᠠᠷᠠᠭ᠎ᠠ ᠰᠢᠪᠲᠤᠯᠬᠤ︾ ᠲᠡᠮᠡᠴᠡᠯ ᠤᠨ ᠳᠦᠷᠰᠦ ᠪᠠᠶᠢᠳᠠᠯ ᠢᠶᠠᠷ ᠨᠢᠭᠡᠳᠦᠭᠡᠷ ᠤᠯᠠᠷᠢᠯ ᠤᠨ ︽ᠰᠠᠶᠢᠨ

ᠡᠬᠢᠯᠡᠯᠲᠡ︾ ᠶᠢ ᠬᠦᠴᠦᠯᠡᠨ ᠰᠢᠪᠲᠤᠯᠵᠤ᠂ ᠠᠵᠤ ᠦᠢᠯᠡᠳᠪᠦᠷᠢ ᠶᠢᠨ ᠬᠤᠤᠯᠢᠩᠭᠤᠤᠯ ᠢ ᠲᠠᠬᠢᠨ ᠪᠠᠶᠢᠭᠤᠯᠬᠤ

ᠪᠣᠳᠠᠰ ᠤᠨ ᠰᠠᠭᠤᠷᠢ ᠶᠢ ᠪᠠᠲᠤᠳᠬᠠᠬᠤ ᠬᠡᠷᠡᠭᠲᠡᠢ ᠭᠡᠵᠦ ᠴᠢᠬᠤᠯᠴᠢᠯᠠᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号