2 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ | ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ ᠬᠤᠶᠠᠳᠤᠭᠠᠷ | ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ | ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ᠂ ᠰᠦᠨ ᠱᠤᠤ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ | ᠵᠢᠴᠢ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ | 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠵᠢᠯᠣᠭᠤᠳᠬᠤ ᠦᠶ᠎ᠡ ᠶᠢᠨ ᠶᠠᠷᠢᠶᠠᠨ ᠤ ᠵᠣᠷᠢᠭ | ᠰᠠᠨᠠᠭ᠎ᠠ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ︽ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠶᠢᠨ ︿ᠲᠦᠷᠪᠡᠨ ᠵᠦᠢᠯ ᠤᠨ ᠬᠡᠯᠪᠡᠷᠢ ᠪᠠᠶᠢᠳᠠᠯ﹀ ᠢ ᠣᠨᠣᠪᠴᠢᠲᠠᠢ ᠬᠡᠷᠡᠭᠯᠡᠬᠦ ᠲᠤᠬᠠᠢ | ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶ ᠶᠢ ᠣᠨᠣᠪᠴᠢᠲᠠᠢ ᠬᠡᠷᠡᠭᠯᠡᠬᠦ ᠲᠤᠬᠠᠢ ᠮᠡᠳᠡᠭᠳᠡᠯ︾᠂ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠲᠠᠪᠤᠳᠤᠭᠠᠷ ᠪᠦᠬᠦᠳᠠ ᠬᠤᠷᠠᠯ᠂ ᠲᠦᠩᠯᠢᠶᠣᠤ ᠬᠤᠳᠠ ᠶᠢᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠰᠦᠨ ᠱᠤᠤ ᠴᠧᠩ ᠨᠥᠬᠦᠷ ᠤᠨ | ᠪᠦᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶ᠎ᠠ ᠵᠡᠷᠭᠡ ᠠᠭᠤᠯᠭ᠎ᠠ ᠶᠢ ᠤᠯᠠᠮᠵᠢᠯᠠᠨ | ᠰᠤᠷᠤᠯᠴᠠᠪᠠ᠃ ᠳᠠᠷᠠᠭ᠎ᠠ ᠨᠢ᠂ ᠵᠠᠩ ᠸᠧᠢ᠂ ᠯᠢ ᠶᠦᠩ ᠱᠧᠩ᠂ ᠱᠧᠨ ᠶᠠᠨ ᠮᠢᠨ 2024 ᠣᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠣᠭᠤᠷᠢᠨ ᠳᠤ ᠭᠤᠣᠯ ᠰᠡᠳᠦᠪ ᠤᠨ ᠲᠣᠭᠤᠷᠢᠨ ᠳᠤ ᠰᠠᠨᠠᠯ ᠢᠶᠠᠨ | ᠰᠣᠯᠢᠯᠴᠠᠵᠤ ᠰᠤᠳᠤᠯᠤᠨ ᠶᠠᠷᠢᠯᠴᠠᠪᠠ᠃ | ᠭᠤᠤ ᠵᠢᠢ ᠶᠧ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠲᠤᠳᠬᠠᠬᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ | ᠪᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠲᠤᠪᠤᠶᠢᠮ᠎ᠠ | ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠤᠬᠠᠮᠰᠠᠷ ᠠᠴᠠ ᠪᠠᠨ ᠰᠤᠷᠲᠠᠯ ᠴᠡᠭᠴᠡᠯᠡᠬᠦ ᠵᠣᠷᠢᠭ | ᠰᠠᠨᠠᠭ᠎ᠠ ᠶᠢ ᠲᠤᠤᠱᠯᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠥᠨᠳᠥᠷ ᠪᠦᠲᠦᠮᠵᠢᠲᠡᠢ ᠰᠠᠶᠢᠲᠤᠷ ᠠᠳᠬᠤᠵᠤ᠂ | ᠤᠳᠤᠷᠢᠳᠬᠤ ᠪᠠᠭ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ︔ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠬᠢᠨᠠᠯᠲᠠ ᠲᠠᠯᠪᠢᠵᠤ | ᠰᠠᠬᠢᠯᠭ᠎ᠠ ᠪᠠᠲᠤ ᠶᠢ ᠬᠡᠷᠡᠭᠵᠢᠭᠦᠯᠬᠦ ᠪᠠ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠳᠤ | ᠨᠠᠶᠢᠳᠠᠪᠤᠷᠢᠵᠢᠭᠤᠯᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠶᠢ | ᠵᠣᠷᠢᠭᠵᠢᠭᠤᠯᠬᠤ ᠥᠨᠳᠥᠷ ᠪᠦᠲᠦᠮᠵᠢᠲᠡᠢ ᠨᠢᠭᠡᠳᠦᠯᠲᠡᠢ ᠪᠠᠶᠢᠬᠤ ᠶᠢ ᠪᠡᠶᠡᠯᠡᠭᠦᠯᠵᠦ᠂ ᠠᠵᠢᠯ ᠬᠢᠵᠦ ᠦᠢᠯᠡᠰ | ᠪᠤᠰᠬᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ︔ ᠰᠤᠷᠭᠠᠨ ᠬᠥᠮᠦᠵᠢᠯ ᠤᠨ ᠴᠢᠬᠤᠯᠠ | ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠪᠠ ᠬᠥᠭᠵᠢᠯᠲᠡ ᠶᠢ | ᠴᠢᠩᠭᠠᠳᠬᠠᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠤᠯᠢᠩᠭᠤᠤᠯ | ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ ᠪᠠᠰᠠ ᠪᠤᠰᠤᠳ ᠠᠭᠤᠯᠭ᠎ᠠ ᠶᠢ ᠰᠤᠷᠤᠯᠴᠠᠪᠠ᠃ |