2 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ | ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ 121 ᠤᠳᠠᠭᠠᠨ ᠤ ᠪᠠᠶᠢᠩᠭᠤ ᠶᠢᠨ ᠬᠤᠷᠢᠶᠠᠨ ᠤ | ᠬᠤᠷᠠᠯ ᠢ ᠡᠷᠭᠢᠯᠡᠨ ᠬᠤᠷᠠᠯᠳᠤᠭᠤᠯᠪᠠ᠃ | | | | | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠬᠤᠶᠠᠷ ᠬᠤᠷᠠᠯ ᠤᠨ | ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ᠂ ᠲᠦᠩᠯᠢᠶᠣᠤ ᠬᠤᠲᠠ ᠶᠢᠨ ᠵᠢᠷᠭᠤᠳᠤᠭᠠᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ | ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ | ᠤᠶᠠᠯᠳᠤᠭᠤᠯᠵᠤ᠂ ᠥᠭᠡᠷᠡᠴᠢᠯᠡᠯᠲᠡ ᠨᠡᠭᠡᠭᠡᠯᠳᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠠᠵᠤ | ᠦᠶ᠋ᠯᠡᠳᠪᠦᠷᠢ ᠶᠢᠨ ᠬᠦᠴᠦᠷᠬᠡᠭ ᠬᠤᠲᠠ ᠶᠢ ᠲᠦᠷᠭᠡᠳᠬᠡᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠨᠠᠮ ᠢ | ᠴᠢᠩᠭ᠎ᠠ ᠵᠠᠰᠠᠬᠤ ᠶᠢ ᠭᠦᠨᠵᠡᠭᠡᠶ ᠠᠬᠢᠭᠤᠯᠵᠤ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠬᠤ ᠣᠪᠣᠷ ᠢᠶᠠᠷ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠶ︔ ᠥᠪᠡᠷᠲᠡᠭᠡᠨ ᠵᠠᠰᠠᠬᠤ ᠣᠷᠣᠨ᠂ | ᠲᠦᠩᠯᠢᠶᠣᠤ ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠣᠨ ᠤ | ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠭᠦᠨᠵᠡᠭᠡᠶ ᠲᠥᠯᠥᠪᠵᠢᠭᠦᠯᠵᠦ᠂ ᠪᠦᠲᠦᠮᠵᠢᠲᠡᠶ ᠠᠬᠢᠭᠤᠯᠵᠤ᠂ ᠡᠯ᠎ᠡ | ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠦᠨᠡᠨ ᠬᠦ ᠠᠬᠢᠭᠤᠯᠬᠤ ᠬᠡᠷᠡᠭᠲᠡᠶ︔ ᠥᠭᠡᠷᠡᠴᠢᠯᠡᠯᠲᠡ ᠶᠢᠨ ᠵᠣᠷᠢᠭ | ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠰᠤᠷᠲᠠᠯ ᠢ ᠴᠡᠭᠴᠡᠯᠡᠨ | ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠭᠦᠨᠵᠡᠭᠡᠶ ᠠᠬᠢᠭᠤᠯᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠣᠳᠣᠬᠢᠴᠢᠯᠠᠭᠰᠠᠨ ᠬᠤᠤᠯᠢᠩᠭᠤᠤᠯ ᠤᠨ ᠪᠦᠳᠦᠭᠡᠨ | ᠪᠠᠶᠢᠭᠤᠯᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠬᠤᠲᠠ ᠶᠢᠨ ᠨᠠᠢᠮᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠤᠷᠠᠯ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠶᠠᠷᠢᠯᠴᠠᠵᠤ᠂ ᠬᠤᠲᠠ ᠶᠢᠨ ᠨᠠᠢᠮᠠᠳᠤᠭᠠᠷ ᠬᠤᠭᠤᠴᠠᠭᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠬᠠᠮᠢᠶ᠎ᠠ ᠪᠥᠬᠦᠶ ᠠᠭᠤᠯᠭ᠎ᠠ ᠵᠢᠴᠢ | ᠲᠣᠬᠢᠷᠠᠭᠤᠯᠤᠯᠲᠠ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |