ᠵᠢᠯ ᠤᠨ ᠠᠵᠢᠯ ᠬᠠᠪᠤᠷ ᠲᠤ ᠪᠤᠢ᠂ ᠠᠵᠤ ᠠᠬᠤᠶᠢᠯᠠᠯ ᠤᠨ ᠡᠬᠢᠯᠡᠯᠲᠡ ᠶᠢᠨ ᠪᠠᠶᠢᠳᠠᠯ ᠰᠦᠷ ᠵᠢᠪᠬᠤᠭ᠎ᠠ ᠲᠠᠢ | ᠪᠠᠶᠢᠨ᠎ᠠ᠃ ᠮᠤᠭᠠᠢ ᠶᠢᠨ ᠵᠢᠯ ᠤᠨ ᠴᠠᠭᠠᠨ ᠰᠠᠷ᠎ᠠ ᠶᠢᠨ ᠠᠮᠠᠷᠠᠯᠳᠠ ᠰᠠᠶ᠋ᠢᠬᠠᠨ ᠦᠩᠬᠡᠷᠡᠵᠣ᠂ ᠬᠤᠣᠯᠢᠩᠭᠤᠣᠯ | ᠬᠤᠳᠠ ᠶᠢᠨ ᠡᠯ᠎ᠡ ᠲᠣᠮᠣ ᠠᠵᠣ ᠦᠢᠯᠡᠳᠪᠦᠷᠢ ᠶᠢᠨ ᠠᠵᠣ ᠠᠬᠤᠶᠢᠯᠠᠯ ᠬᠤᠶᠢᠨ᠎ᠠ ᠬᠤᠶᠢᠨ᠎ᠠ ᠠᠴᠠ ᠪᠠᠨ ︽ᠶᠠᠭᠠᠷᠠᠤ | ᠵᠠᠭᠪᠣᠷ︾ ᠡᠬᠢᠯᠡᠵᠣ᠂ ︽ᠡᠬᠢᠯᠠᠯᠳᠠ ᠳᠠᠷᠣᠢ ᠰᠢᠢᠳᠪᠦᠷᠢᠳᠤ ᠲᠠᠶᠢᠯᠠᠯᠳᠣᠭᠠᠨ᠂ ᠡᠬᠢᠯᠠᠯᠳᠠ ᠶᠢᠨ ᠲᠠᠷᠠᠭ᠎ᠠ ᠨᠢ | ᠰᠢᠪᠳᠣᠯᠣᠯᠳᠠ︾ ᠳᠡᠮᠡᠴᠡᠯ ᠤᠨ ᠣᠪᠣᠷ ᠪᠠᠶᠢᠳᠠᠯ ᠢᠶᠠᠷ᠂ ᠠᠵᠣ ᠠᠬᠤᠶᠢᠯᠠᠯ ︽ᠦᠢᠯᠡᠳᠪᠦᠷᠢᠯᠡᠬᠦ ᠪᠠᠨ ᠵᠣᠭᠰᠣᠬᠤ | ᠦᠬᠡᠢ︾᠂ ᠳᠦᠷᠦᠯ ᠵᠦᠢᠯ ︽ᠠᠵᠢᠯ ᠵᠤᠭᠰᠤᠬᠤ ᠦᠬᠡᠢ︾᠂ ᠦᠢᠯᠡᠴᠢᠯᠡᠭᠡ ︽ᠡᠭᠦᠳᠡ ᠪᠠᠨ ᠬᠠᠭᠠᠬᠤ ᠦᠬᠡᠢ︾ | ᠂ ᠤᠷᠬᠢᠯᠤᠮ᠎ᠠ ᠬᠠᠯᠠᠭᠤᠨ ᠰᠡᠳᠬᠢᠯᠬᠡ ᠪᠠ ᠡᠷᠡᠰ ᠪᠠᠳᠣ ᠵᠣᠷᠢᠭ ᠢᠶᠠᠷ ᠴᠠᠭᠠᠨ ᠰᠠᠷ᠎ᠠ ᠶᠢᠨ ᠡᠷᠡᠯᠬᠡᠭᠯᠡᠨ ᠣᠷᠣᠭᠰᠢᠯᠠᠬᠤ | ᠢᠷᠠᠭᠤ ᠬᠠᠭᠤᠳᠠᠰᠤ ᠶᠢ ᠴᠢᠪᠬᠠᠳᠠᠵᠤ᠂ ᠨᠢᠬᠡᠳᠦᠬᠡᠷ ᠣᠯᠠᠷᠢᠯ ᠤᠨ ︽ᠠᠮᠵᠢᠯᠳᠠ ᠪᠦᠳᠦᠬᠡᠯ︾ ᠳᠤ ᠬᠦᠴᠦᠯᠡᠨ | ᠴᠣᠬᠢᠯᠳᠠ ᠦᠭᠴᠦ᠂ ᠪᠦᠬᠦ ᠵᠢᠯ ᠤᠨ ᠴᠢᠨᠠᠷ ᠰᠠᠶᠢᠳᠠᠢ ᠬᠦᠭᠵᠢᠯᠳᠡ ᠳᠤ ᠰᠠᠶᠢᠨ ᠡᠬᠢᠯᠡᠯᠳᠡ ᠦᠭᠴᠡᠢ᠃ | | | | | ᠣᠶᠢᠷ᠎ᠠ ᠳᠤ᠂ ᠰᠤᠷᠪᠤᠯᠵᠢᠯᠠᠭᠴᠢ ᠬᠤᠤᠯᠢᠩᠭᠤᠤᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ᠲᠤ ᠬᠢ ᠥᠪᠥᠷ ᠮᠣᠩᠭᠤᠯ ᠤᠨ ᠶᠢᠨ ᠯᠢᠶᠠᠨ ᠬᠦᠩᠭᠡᠨᠴᠠᠭᠠᠨ ᠤ ᠮᠠᠲ᠋ᠧᠷᠢᠶᠠᠯ ᠤᠨ | ᠬᠢᠵᠠᠭᠠᠷᠲᠤ ᠺᠣᠮᠫᠠᠨᠢ ᠶᠢᠨ ᠬᠥᠩᠭᠡᠨ ᠴᠠᠭᠠᠨ ᠴᠢᠳᠬᠤᠬᠤ ᠦᠢᠯᠡᠳᠪᠦᠷᠢ ᠶᠢᠨ ᠲᠠᠰᠤᠭ ᠲᠤ ᠬᠦᠷᠬᠦ ᠳᠤ᠂ ᠮᠠᠰᠢᠨ ᠤ | ᠬᠦᠩᠭᠢᠨᠡᠬᠦ ᠳᠠᠭᠤᠨ ᠲᠠᠰᠤᠷᠠᠯᠲᠠ ᠥᠬᠡᠶ ᠰᠣᠨᠣᠰᠳᠠᠵᠤ᠂ ᠦᠢᠯᠡᠳᠪᠦᠷᠢ ᠶᠢᠨ ᠲᠣᠭᠤᠷᠢᠭ ᠤᠨ ᠳᠣᠲᠣᠷᠠᠬᠢ | ᠪᠠᠷᠠᠭᠠᠨ ᠤ ᠲᠡᠷᠭᠡ ᠣᠷᠣᠵᠤ ᠭᠠᠷᠪᠠ᠂ ᠠᠵᠢᠯᠴᠢᠳ ᠪᠥᠬᠦ ᠬᠦᠴᠦᠨ ᠢᠶᠠᠷ ᠢᠶᠠᠨ ᠶᠠᠭᠠᠷᠠᠯᠳᠤᠨ ᠦᠢᠯᠡᠳᠪᠦᠷᠢᠯᠡᠵᠦ᠂ | ᠡᠷᠴᠢ ᠵᠣᠷᠢᠭ ᠢᠶᠠᠨ ᠬᠥᠪᠴᠢᠯᠡᠨ ᠵᠠᠬᠢᠶᠠᠯᠠᠭ᠎ᠠ ᠶᠢ ᠬᠥᠭᠡᠭᠡᠴᠡᠯᠳᠦᠵᠦ᠂ ᠠᠵᠢᠯᠴᠢᠨ᠂ ᠮᠠᠰᠢᠨ ᠲᠥᠬᠦᠭᠡᠷᠦᠮᠵᠢ ᠶᠢᠨ ︽ | ᠭᠠᠯ ᠤᠨ ᠬᠦᠴᠦᠨ ᠢ ᠪᠦᠷᠢᠨ ᠨᠡᠭᠡᠭᠡᠵᠦ︾᠂ ᠶᠠᠭᠠᠷᠠᠯᠲᠠᠶ ᠪᠠᠶᠢᠳᠠᠯ ᠢᠯᠡᠷᠡᠪᠡ᠃ | ︽ᠴᠠᠭᠠᠨ ᠰᠠᠷ᠎ᠠ ᠶᠢᠨ ᠬᠤᠭᠤᠴᠠᠭᠠᠨ ᠳᠤ᠂ ᠶᠢᠨ ᠯᠢᠶᠠᠨ ᠬᠦᠩᠭᠡᠨᠴᠠᠭᠠᠨ ᠤ ᠦᠢᠯᠡᠳᠪᠦᠷᠢ ᠶᠢᠨ 2000 | ᠭᠠᠷᠤᠶ ᠠᠵᠢᠯᠲᠠᠨ ᠭᠡᠷ ᠤᠨ ᠬᠥᠮᠦᠰ ᠲᠠᠢ ᠪᠠᠨ ᠴᠤᠭᠯᠠᠷᠠᠬᠤ ᠠᠵᠠ ᠲᠣᠬᠢᠶᠠᠯ ᠢ ᠲᠠᠶᠠᠭᠳᠠᠭᠤᠯᠵᠤ᠂ ᠠᠵᠢᠯ ᠤᠨ | ᠪᠠᠶᠢᠷᠢ ᠳᠡᠭᠡᠷ᠎ᠡ ᠪᠠᠨ ᠪᠠᠲᠤ ᠰᠠᠬᠢᠵᠤ᠂ ︿ᠲᠦᠷᠪᠡᠨ ᠡᠭᠡᠯᠵᠢ ᠭᠤᠷᠪᠠᠨ ᠡᠷᠭᠢᠯᠳᠡ﹀ ᠶᠢᠨ ᠦᠢᠯᠡᠳᠪᠦᠷᠢᠯᠡᠯ ᠤᠨ | ᠵᠠᠭᠪᠤᠷ ᠢ ᠦᠷᠭᠦᠯᠵᠢᠯᠡᠭᠦᠯᠵᠦ᠂ ᠳᠦᠭᠦᠷᠡᠩ ᠦᠢᠯᠡᠳᠪᠦᠷᠢᠯᠡᠵᠦ᠂ ᠲᠣᠭᠲᠠᠭᠰᠠᠨ ᠬᠤᠭᠤᠴᠠᠭᠠᠨ ᠳᠠᠭᠠᠨ | ᠦᠢᠯᠡᠳᠬᠦᠨ ᠢᠶᠠᠨ ᠲᠤᠰᠢᠶᠠᠬᠤ ᠶᠢ ᠪᠠᠲᠤᠯᠠᠪᠠ ᠃ ᠥᠪᠥᠷ ᠮᠣᠩᠭᠤᠯ ᠤᠨ ᠶᠢᠨ ᠯᠢᠶᠠᠨ ᠬᠦᠩᠭᠡᠨᠴᠠᠭᠠᠨ ᠤ | ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠥᠩᠭᠡᠨ ᠴᠠᠭᠠᠨ ᠤ ᠦᠢᠯᠡᠳᠪᠦᠷᠢ ᠶᠢᠨ ᠳᠡᠳ᠋ ᠳᠠᠷᠤᠭ᠎ᠠ ᠳ᠋ᠠᠶ ᠯᠢᠶᠠᠨ | ᠰᠦᠩ ᠲᠠᠨᠢᠯᠴᠠᠭᠤᠯᠬᠤ ᠳᠠᠭᠠᠨ᠂ 2025 ᠣᠨ ᠤ ᠶᠢᠨ ᠯᠢᠶᠠᠨ ᠬᠦᠩᠭᠡᠨᠴᠠᠭᠠᠨ ᠤ ᠦᠢᠯᠡᠳᠪᠦᠷᠢ ᠨᠢ 104 | ᠲᠦᠮᠡᠨ ᠲᠣᠨ ᠠᠴᠠ ᠳᠡᠭᠡᠭᠰᠢ ᠬᠥᠩᠭᠡᠨᠴᠠᠭᠠᠨ ᠤ ᠪᠦᠲᠦᠭᠡᠭᠳᠡᠬᠦᠨ ᠦᠢᠯᠡᠳᠪᠦᠷᠢᠯᠡᠬᠦ ᠪᠠᠷ ᠲᠥᠯᠥᠪᠯᠡᠵᠦ᠂ 180 | ᠳ᠋ᠦᠩᠰᠢᠭᠤᠷ ᠲᠥᠭᠦᠷᠢᠭ ᠤᠨ ᠪᠣᠷᠣᠯᠠᠭᠤᠯᠵᠤ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠠᠮᠢᠵᠢᠷᠠᠯ ᠤᠨ | ᠬᠦᠴᠦᠨ ᠨᠡᠮᠡᠷᠢᠯᠡᠬᠦ ᠪᠠᠷ ᠲᠥᠯᠥᠪᠯᠡᠵᠦ ᠪᠣᠶ᠃ | ᠠᠵᠤ ᠠᠬᠤᠶᠢᠯᠠᠯ ᠤᠨ ᠡᠷᠴᠢ ᠵᠣᠷᠢᠭ ᠲᠡᠭᠦᠯᠳᠡᠷ ᠪᠠᠶᠢᠵᠤ᠂ ᠲᠦᠷᠦᠯ ᠵᠦᠢᠯ ᠯᠠᠪᠳᠠᠭᠤᠨ ᠢᠶᠠᠷ ᠠᠬᠢᠪᠠ᠃ | ᠬᠤᠣᠯᠢᠩᠭᠤᠣᠯ ᠬᠤᠳᠠ ᠠᠵᠣ ᠠᠬᠤᠶᠢᠯᠠᠯ ᠤᠨ ᠬᠦᠭᠵᠢᠯᠳᠡ ᠶᠢ ᠠᠵᠣ ᠠᠬᠤᠢ ᠶᠢᠨ ᠬᠦᠭᠵᠢᠯᠳᠡ ᠶᠢᠨ | ᠴᠢᠬᠤᠯᠠ ᠠᠴᠠ ᠴᠢᠬᠤᠯᠠ ᠵᠦᠢᠯ ᠪᠣᠯᠭᠠᠬᠤ ᠶᠢ ᠪᠠᠷᠢᠮᠳᠠᠯᠠᠵᠣ᠂ ᠡᠯ᠎ᠡ ᠬᠠᠮᠢᠶ᠎ᠠ ᠪᠦᠬᠦᠢ ᠡᠷᠬᠡ ᠳᠣᠰᠢᠶᠠᠯᠳᠣ ᠰᠠᠯᠠᠭ᠎ᠠ | ᠮᠦᠴᠢᠷ ᠰᠠᠨᠠᠭᠠᠴᠢᠯᠠᠭ᠎ᠠ ᠠᠴᠠ ᠪᠠᠨ ᠣᠷᠢᠳᠠᠪᠡᠷ ᠦᠢᠯᠡᠴᠢᠯᠡᠵᠣ᠂ ᠠᠵᠣ ᠠᠬᠤᠶᠢᠯᠠᠯ ᠤᠨ ᠦᠢᠯᠡᠳᠪᠦᠷᠢᠯᠡᠯ ᠳᠣᠮᠳᠠᠬᠢ | ᠡᠨᠧᠷᠬᠢ ᠬᠡᠷᠡᠭᠯᠡᠬᠦ᠂ ᠡᠯᠧᠮᠧᠨ᠋ᠲ᠂ ᠡᠳ᠋ ᠪᠠᠷᠠᠭᠠᠨ ᠤ ᠬᠦᠢᠯᠬᠡᠬᠡ ᠵᠡᠷᠬᠡ ᠬᠡᠷᠡᠭᠴᠡᠭᠡ ᠱᠠᠭᠠᠷᠳᠠᠯᠭ᠎ᠠ ᠶᠢ ᠪᠦᠬᠦ | ᠬᠦᠴᠦᠨ ᠢᠶᠠᠷ ᠬᠠᠪᠰᠣᠷᠠᠨ ᠰᠢᠢᠳᠪᠦᠷᠢᠯᠡᠵᠣ᠂ ᠠᠵᠣ ᠠᠬᠤᠶᠢᠯᠠᠯ ᠤᠨ ᠪᠦᠬᠦ ᠬᠦᠴᠦ ᠪᠠᠷ ᠦᠢᠯᠡᠳᠪᠦᠷᠢᠯᠡᠬᠦ᠂ | ᠦᠢᠯᠡᠳᠪᠦᠷᠢᠯᠡᠯ ᠤᠨ ᠴᠢᠳᠠᠪᠬᠢ ᠶᠢ ᠬᠦᠢᠴᠡᠳ ᠪᠠᠳᠠᠷᠠᠭᠤᠯᠬᠤ ᠶᠢ ᠠᠬᠢᠭᠤᠯᠵᠣ᠂ ᠠᠷᠭ᠎ᠠ ᠪᠦᠬᠦᠨ ᠢ ᠰᠦᠪᠡᠭᠴᠢᠯᠡᠨ | ᠠᠵᠣ ᠠᠬᠤᠶᠢᠯᠠᠯ ᠤᠨ ᠰᠠᠶᠢᠨ ᠡᠬᠢᠯᠡᠯᠳᠡ ᠶᠢ ᠠᠬᠢᠭᠤᠯᠣᠨ᠎ᠠ᠃ ᠡᠭᠦᠨ ᠤ ᠬᠠᠮᠲᠤ᠂ ᠬᠠᠷᠢᠶ᠎ᠠ ᠣᠷᠣᠨ ᠤ ᠳᠣᠲᠣᠷᠠᠬᠢ | ᠡᠯ᠎ᠡ ᠠᠵᠤ ᠠᠬᠤᠶᠢᠯᠠᠯ ᠦᠳᠲᠡᠷ ᠲᠦᠷᠭᠡᠨ ᠪᠠᠶᠢᠳᠠᠯ ᠳᠤ ᠣᠷᠣᠵᠤ᠂ ᠳᠠᠷᠦ᠋ᠢᠬᠠᠨ ᠬᠥᠳᠡᠯᠦᠯᠴᠡᠵᠦ᠂ ︽ᠠᠮᠢ | ᠴᠦᠯᠡᠬᠦ︾ ᠵᠣᠷᠢᠭ ᠰᠠᠨᠠᠭ᠎ᠠ᠂ ︽ᠰᠢᠪᠲᠤᠯᠬᠤ︾ ᠡᠷᠴᠢ ᠵᠣᠷᠢᠭ᠂ ︽ᠪᠣᠳᠠᠲᠠᠢ︾ ᠡᠷᠴᠢ ᠵᠣᠷᠢᠭ ᠢᠶᠠᠷ 2025 | ᠣᠨ ᠤ ᠰᠠᠶᠢᠨ ᠰᠠᠶᠢᠬᠠᠨ ᠬᠥᠭᠵᠢᠯᠲᠡ ᠶᠢᠨ ︽ᠵᠢᠷᠤᠭ ᠲᠥᠯᠥᠪᠯᠡᠭᠡ︾ ᠶᠢ ︽ᠪᠣᠳᠠᠲᠤ ᠦᠵᠡᠮᠵᠢ ᠶᠢᠨ ᠵᠢᠷᠤᠭ︾ | ᠪᠣᠯᠭᠠᠨ ᠬᠤᠪᠢᠷᠠᠭᠤᠯᠬᠤ ᠪᠠᠷ ᠬᠦᠴᠦᠯᠡᠨ ᠴᠢᠷᠮᠠᠶᠢᠵᠤ ᠪᠠᠶᠢᠨ᠎ᠠ᠃ | ᠣᠶᠢᠯᠠᠭᠠᠭᠰᠠᠨ ᠢᠶᠠᠷ᠂ 2025 ᠣᠨ ᠳᠤ᠂ ᠬᠤᠤᠯᠢᠩᠭᠤᠤᠯ ᠬᠤᠲᠠ ︽ᠳᠤᠮᠳᠠᠳᠤ ᠤᠯᠤᠰ · ᠪᠣᠬᠢᠷᠲᠤᠯ | ᠥᠬᠡᠶ ᠴᠠᠬᠢᠯᠭᠠᠨ ᠬᠦᠩᠭᠡᠨᠴᠠᠭᠠᠨ ᠤ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ | ᠠᠬᠢᠭᠤᠯᠵᠤ᠂ ᠳᠠᠬᠢᠨ ᠨᠢᠭᠡ ᠠᠵᠤ ᠦᠢᠯᠡᠳᠪᠦᠷᠢ ᠶᠢᠨ ᠬᠤᠤᠯᠢᠩᠭᠤᠤᠯ ᠤᠨ ᠪᠣᠳᠠᠰ ᠤᠨ ᠰᠠᠭᠤᠷᠢ ᠶᠢ ᠪᠠᠬᠢᠵᠢᠭᠦᠯᠵᠦ᠂ | ᠲᠥᠷᠥᠯ ᠵᠦᠢᠯ ᠢᠶᠠᠷ ᠭᠤᠤᠯ ᠪᠣᠯᠭᠠᠬᠤ ᠶᠢ ᠪᠠᠷᠢᠮᠲᠠᠯᠠᠨ᠂ ᠬᠦᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ᠂ | ᠨᠡᠭᠦᠷᠡᠰᠦᠲᠥ᠋ᠷᠥᠭᠴᠢ ᠶᠢᠨ ᠰᠠᠭᠤᠷᠢ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠠᠭᠤᠷ ᠢ ᠡᠷᠭᠢᠯᠳᠦᠭᠦᠯᠦᠨ ᠠᠰᠢᠭᠯᠠᠬᠤ | ᠵᠡᠷᠭᠡ ᠬᠦᠷᠢᠶ᠎ᠡ ᠶᠢᠨ ᠲᠣᠭᠤᠷᠢᠨ ᠳᠤ᠂ ᠳᠡᠭᠡᠳᠦ ᠲᠠᠰ ᠤᠨ ᠬᠥᠩᠭᠡᠨ ᠴᠠᠭᠠᠨ ᠤ ᠮᠠᠲ᠋ᠧᠷᠢᠶᠠᠯ᠂ ᠰᠢᠨ᠎ᠡ ᠬᠡᠯᠪᠡᠷᠢ ᠶᠢᠨ | ᠡᠨᠧᠷᠭᠢ ᠬᠠᠳᠠᠭᠠᠯᠠᠬᠤ᠂ ᠪᠠᠯ ᠴᠢᠯᠠᠭᠤᠨ ᠠᠯᠺᠧᠨ᠂ ᠨᠡᠭᠦᠷᠡᠰᠦᠲᠥ᠋ᠷᠥᠭᠴᠢ ᠶᠢᠨ ᠰᠢᠷᠬᠡᠭ ᠵᠡᠷᠭᠡ ᠵᠠᠩᠭᠢᠯᠠᠭ᠎ᠠ ᠶᠢᠨ | ᠭᠤᠭᠴᠤᠭ᠎ᠠ ᠪᠠ ᠦᠵᠦᠭᠦᠷ ᠤᠨ ᠦᠢᠯᠡᠳᠬᠦᠨ ᠢ ᠢᠳᠡᠪᠬᠢᠲᠡᠶ ᠣᠷᠣᠭᠤᠯᠤᠨ ᠠᠪᠴᠢᠷᠠᠵᠤ᠂ ᠨᠢᠭᠡ ᠪᠦᠯᠦᠭ ᠢ | ᠣᠷᠣᠭᠤᠯᠤᠨ ᠠᠪᠴᠢᠷᠠᠵᠤ᠂ ᠨᠢᠭᠡ ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠨᠠᠶᠢᠳᠠᠪᠤᠷᠢᠵᠢᠭᠤᠯᠵᠤ᠂ ᠨᠢᠭᠡ | ᠪᠦᠯᠦᠭ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ ᠮᠢᠩᠭᠠᠨ | ᠲᠦᠮᠡᠨ ᠲᠥᠭᠦᠷᠢᠭ ᠢ ᠳᠠᠪᠠᠭᠰᠠᠨ ᠲᠥᠷᠥᠯ ᠵᠦᠢᠯ ᠢ 65 ᠣᠷᠣᠭᠤᠯᠤᠨ ᠠᠪᠴᠢᠷᠠᠵᠤ᠂ ᠲᠥᠷᠥᠯ ᠵᠦᠢᠯ ᠤᠨ ᠠᠵᠢᠯ | ᠡᠬᠢᠯᠡᠭᠦᠯᠦᠭᠰᠡᠨ ᠨᠣᠷᠮ᠎ᠠ 50 % ᠳᠤ ᠬᠦᠷᠴᠦ᠂ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 80 ᠳ᠋ᠦᠩᠰᠢᠭᠤᠷ | ᠲᠥᠭᠦᠷᠢᠭ ᠢ ᠳᠠᠪᠠᠭᠤᠯᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠡᠭᠦᠨ ᠤ | ᠬᠠᠮᠲᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠠᠵᠠᠷ ᠬᠠᠩᠭᠠᠬᠤ᠂ ᠴᠠᠬᠢᠯᠭᠠᠨ ᠬᠠᠩᠭᠠᠬᠤ᠂ ᠤᠰᠤ ᠬᠠᠩᠭᠠᠬᠤ ᠵᠡᠷᠭᠡ | ᠬᠦᠴᠢᠷ ᠠᠰᠠᠭᠤᠳᠠᠯ ᠢ ᠣᠨᠣᠪᠴᠢᠲᠠᠢ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠭᠠᠵᠠᠷ ᠰᠢᠷᠣᠢ᠂ ᠤᠰᠤ ᠬᠡᠷᠡᠭᠯᠡᠬᠦ᠂ ᠪᠡᠯᠡ ᠮᠥᠩᠭᠦ ᠵᠡᠷᠭᠡ ᠵᠠᠩᠭᠢᠯᠠᠭ᠎ᠠ ᠶᠢᠨ ᠡᠯᠧᠮᠧᠨ᠋ᠲ ᠢ ᠪᠦᠬᠦ ᠬᠦᠴᠦᠨ ᠢᠶᠠᠷ | ᠪᠠᠲᠤᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠳᠤ ᠪᠦᠬᠦ ᠲᠠᠯ᠎ᠠ ᠶᠢᠨ | ᠦᠢᠯᠡᠴᠢᠯᠡᠭᠡ ᠬᠠᠩᠭᠠᠵᠤ᠂ ᠠᠷᠭ᠎ᠠ ᠪᠦᠬᠦᠨ ᠢ ᠰᠦᠪᠡᠭᠴᠢᠯᠡᠨ ᠪᠦᠬᠦ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠵᠦ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ | ᠴᠢᠷᠮᠠᠶᠢᠨ ᠪᠡᠶᠡᠯᠡᠭᠦᠯᠦᠨ᠎ᠡ᠃ |