ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠤᠯᠢᠩᠭᠤᠤᠯ ᠬᠤᠲᠠ ᠶᠢᠨ ᠨᠠᠢᠮᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/19
   2 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠤᠯᠢᠩᠭᠤᠤᠯ ᠬᠤᠳᠠ ᠶᠢᠨ ᠨᠠᠢᠮᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠪᠠ᠃ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

   ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ

ᠶᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂

ᠲᠡᠷᠢᠭᠦᠯᠡᠭᠴᠢ ᠸᠠᠩ ᠷᠦᠢ ᠰᠢᠨ᠂ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ

ᠨᠥᠬᠦᠳ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠪᠠ ᠳᠡᠭᠡᠳᠦ ᠰᠢᠨ᠎ᠡ ᠮᠡᠷᠭᠡᠵᠢᠯ ᠤᠨ

ᠲᠣᠭᠤᠷᠢᠭ ᠤᠨ ᠭᠠᠵᠠᠷ ᠤᠨ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠲᠦᠩᠯᠢᠶᠣᠤ ᠬᠤᠳᠠ ᠶᠢᠨ

ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠨᠥᠬᠦᠳ

ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃

   ᠭᠤᠤ ᠵᠢᠢ ᠶᠧ᠂ ᠲᠤᠰ ᠤᠳᠠᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠬᠦᠳᠠ ᠬᠤᠷᠠᠯ ᠤᠨ

ᠭᠤᠣᠯ ᠡᠭᠦᠷᠭᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ

ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ

ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ

ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ

ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ

ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠠ ᠬᠤᠷᠠᠯ

ᠪᠣᠯᠤᠨ ᠲᠦᠩᠯᠢᠶᠣᠤ ᠬᠤᠳᠠ ᠶᠢᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ

ᠲᠠᠪᠤᠳᠤᠭᠠᠷ ᠪᠦᠬᠦᠳᠠ ᠬᠤᠷᠠᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠬᠤᠳᠠ ᠶᠢᠨ

ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃

   ᠭᠤᠤ ᠵᠢᠢ ᠶᠧ᠂ ᠪᠦᠬᠦ ᠬᠤᠳᠠ ᠪᠠᠷ ᠢᠶᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ

ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠬᠦᠳᠡ ᠬᠤᠷᠠᠯ ᠤᠨ ᠪᠠᠶᠢᠷᠢᠯᠠᠭᠤᠯᠤᠯᠲᠠ

ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠢᠭᠤᠴᠠᠯᠭᠠᠲᠤ ᠰᠡᠳᠬᠢᠯᠭᠡ ᠪᠣᠯᠤᠨ

ᠲᠤᠯᠭᠠᠮ᠎ᠠ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ

ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ︽ᠲᠦᠷᠪᠡᠨ ᠵᠦᠢᠯ ᠤᠨ ᠬᠡᠯᠪᠡᠷᠢ ᠪᠠᠶᠢᠳᠠᠯ︾

 ᠢ ᠣᠨᠣᠪᠴᠢᠲᠠᠢ ᠬᠡᠷᠡᠭᠯᠡᠵᠦ᠂ ᠰᠤᠷᠲᠠᠯ ᠢᠯᠵᠢᠷᠠᠯ ᠢ ᠵᠡᠷᠭᠡᠪᠡᠷ ᠪᠠᠶᠢᠴᠠᠭᠠᠵᠤ ᠵᠡᠷᠭᠡᠪᠡᠷ ᠵᠠᠰᠠᠬᠤ ᠶᠢ ᠭᠦᠨᠵᠡᠭᠡᠢ

ᠠᠬᠢᠭᠤᠯᠵᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠡᠷᠡᠮᠵᠢᠯᠡᠭᠦᠯᠬᠦ ᠬᠥᠮᠦᠵᠢᠯ ᠢ

ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠢᠩᠭᠠᠳᠬᠠᠵᠤ᠂

ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠢᠨᠠᠯᠲᠠ ᠲᠠᠯᠪᠢᠬᠤ

ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ

ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ︽ᠢᠯᠠᠭ᠎ᠠ ᠶᠢᠨ ᠱᠠᠮᠰᠢᠭᠰᠠᠨ ᠰᠢᠷᠭᠤᠯᠵᠢ ᠶᠢᠨ

ᠢᠯᠠᠭ᠎ᠠ︾ ᠶᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠭᠤᠷᠢᠨ ᠪᠠᠶᠢᠴᠠᠭᠠᠵᠤ

ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠬᠦ ᠬᠡᠷᠡᠭᠲᠡᠢ᠃

   ᠭᠤᠤ ᠵᠢᠢ ᠶᠧ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ

ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠢᠮᠠᠭᠲᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ

ᠠᠭᠤᠤ ᠶᠡᠭᠡ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠵᠠᠮ ᠳᠡᠭᠡᠷ᠎ᠡ ᠬᠠᠷᠢᠭᠤᠴᠠᠯᠭ᠎ᠠ ᠡᠭᠦᠷᠭᠡᠯᠡᠨ

ᠵᠢᠳᠬᠦᠯ ᠴᠢᠷᠮᠠᠶᠢᠯᠭ᠎ᠠ ᠭᠠᠷᠭᠠᠵᠤ᠂ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ

ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠶᠢᠨ ᠬᠤᠤᠯᠢᠩᠭᠤᠤᠯ ᠤᠨ ᠦᠢᠯᠡᠳᠦᠯᠭᠡ ᠶᠢ ᠴᠢᠷᠮᠠᠶᠢᠨ ᠪᠢᠴᠢᠭᠯᠡᠬᠦ ᠶᠢᠨ ᠲᠥᠯᠥᠭᠡ ᠪᠦᠯᠬᠦᠮᠳᠡᠨ

ᠲᠡᠮᠡᠴᠡᠬᠦ ᠬᠡᠷᠡᠭᠲᠡᠢ᠃

   ᠯᠢᠦ ᠮᠢᠩ ᠭᠦᠸᠧ ᠵᠢᠭᠠᠵᠤ ᠭᠠᠷᠭᠠᠭᠰᠠᠨ ᠨᠢ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ

ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠰᠢ ᠶᠢᠨ ᠫᠢᠩ

ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ︽ᠬᠤᠶᠠᠷ ᠢ ᠲᠣᠭᠲᠠᠭᠠᠬᠤ︾ ᠶᠢ

ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ

ᠫᠢᠩ ᠤᠨ ᠴᠢᠬᠤᠯᠠ ᠶᠠᠷᠢᠶ᠎ᠠ ᠪᠣᠯᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ

ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠳᠠ ᠵᠢᠴᠢ ᠬᠤᠤᠯᠢᠩᠭᠤᠤᠯ ᠬᠤᠳᠠ ᠶᠢᠨ

ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠬᠦᠳᠡ

ᠬᠤᠷᠠᠯ ᠤᠨ ᠱᠠᠭᠠᠷᠳᠠᠯᠭ᠎ᠠ ᠶᠣᠰᠣᠭᠠᠷ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ

ᠨᠠᠮ ᠢ ᠬᠠᠮᠢᠶᠠᠷᠴᠤ ᠨᠠᠮ ᠢ ᠵᠠᠰᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ

ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ︽ᠨᠢᠭᠡᠳᠦᠭᠡᠷ ᠭᠠᠷ︾ ᠤᠨ ᠨᠢᠭᠡᠳᠦᠭᠡᠷ

ᠬᠠᠷᠢᠭᠤᠴᠠᠯᠭᠠᠲᠠᠨ ᠤ ᠬᠠᠷᠢᠭᠤᠴᠠᠯᠭ᠎ᠠ ᠪᠣᠯᠤᠨ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠬᠤᠣᠰ

ᠬᠠᠷᠢᠭᠤᠴᠠᠯᠭ᠎ᠠ︾ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ

ᠶᠠᠪᠤᠳᠠᠯ ᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠤᠯᠢᠩᠭᠤᠤᠯ ᠤᠨ ᠰᠢᠨ᠎ᠡ

ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠠᠮᠤᠭ ᠤᠨ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠡᠢ᠃

   ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠥᠪᠡᠷᠲᠡᠭᠡᠨ ᠵᠠᠰᠠᠬᠤ ᠣᠷᠣᠨ ᠤ ᠰᠡᠷᠡᠮᠵᠢᠯᠡᠭᠦᠯᠬᠦ

ᠬᠥᠮᠦᠵᠢᠯ ᠤᠨ ᠹᠢᠯᠢᠮ ︽ᠰᠡᠷᠡᠮᠵᠢ ᠶᠢᠨ ᠬᠤᠩᠬᠤ︾ ᠪᠣᠯᠤᠨ ᠲᠦᠩᠯᠢᠶᠣᠤ ᠬᠤᠲᠠ ᠶᠢᠨ ᠰᠡᠷᠡᠮᠵᠢᠯᠡᠭᠦᠯᠬᠦ

ᠬᠥᠮᠦᠵᠢᠯ ᠤᠨ ᠹᠢᠯᠢᠮ ︽ᠬᠤᠷᠴᠠ ᠰᠡᠯᠡᠮ᠎ᠡ ᠠᠷᠠᠳ ᠤᠨ ᠲᠥᠯᠥᠭᠡ ᠲᠤᠰᠬᠤ︾ ᠶᠢ ᠬᠠᠮᠲᠤ ᠪᠠᠷ ᠰᠣᠨᠢᠷᠬᠠᠪᠠ᠃

 ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠤᠯᠢᠩᠭᠤᠤᠯ ᠬᠤᠲᠠ ᠶᠢᠨ ᠨᠠᠢᠮᠠᠳᠤᠭᠠᠷ ᠬᠤᠭᠤᠴᠠᠭᠠᠨ ᠤ

ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ 2 ᠰᠠᠷ᠎ᠠ ᠶᠢᠨ 14 ᠤ ᠡᠳᠦᠷ

ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠰᠠᠬᠢᠯᠭ᠎ᠠ ᠪᠠᠲᠤ

ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠮᠢᠩ ᠭᠦᠸᠧ ᠬᠤᠷᠠᠯ ᠢ

ᠡᠷᠭᠢᠯᠡᠪᠡ᠃ 14 ᠤ ᠡᠳᠦᠷ ᠤᠨ ᠦᠳᠡ ᠶᠢᠨ ᠡᠮᠦᠨ᠎ᠡ᠂ ᠯᠢᠦ ᠮᠢᠩ ᠭᠦᠸᠧ ᠳᠤᠮᠳᠠᠳᠤ ᠤᠯᠤᠰ ᠤᠨ ᠡᠪ ᠬᠠᠮᠲᠤ

ᠨᠠᠮ ᠤᠨ ᠬᠤᠤᠯᠢᠩᠭᠤᠤᠯ ᠬᠤᠳᠠ ᠶᠢᠨ ᠨᠠᠢᠮᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ

ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠲᠠᠪᠤᠳᠤᠭᠠᠷ ᠪᠦᠬᠦᠳᠡ ᠬᠤᠷᠠᠯ ᠳᠤ ︽ᠨᠠᠮ ᠤᠨ ᠰᠤᠷᠲᠠᠯ ᠤᠨ ᠪᠠ

ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ

ᠠᠬᠢᠭᠤᠯᠵᠤ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠣᠳᠣᠬᠢᠴᠢᠯᠠᠭᠰᠠᠨ ᠬᠤᠤᠯᠢᠩᠭᠤᠤᠯ ᠤᠨ

ᠪᠦᠳᠦᠭᠡᠨ ᠪᠠᠶᠢᠭᠤᠯᠤᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠬᠠᠮᠠᠭᠠᠯᠠᠬᠤ︾ ᠭᠡᠬᠦ ᠰᠡᠳᠦᠪ ᠢᠶᠠᠷ

ᠠᠵᠢᠯ ᠤᠨ ᠮᠡᠳᠡᠭᠦᠯᠦᠯᠲᠡ ᠬᠢᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号