ᠡᠯ᠎ᠡ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠄ | ᠮᠠᠨ ᠤ ᠬᠤᠲᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠶᠢᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠢᠭᠡᠴᠡ ᠶᠢᠨ ᠭᠠᠯ ᠤᠨᠲᠠᠷᠠᠭᠠᠬᠤ ᠠᠮᠤᠷ | ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾᠂ ︽ᠪᠠᠶᠢᠭᠤᠯᠭ᠎ᠠ᠂ ᠪᠦᠯᠬᠦᠮ | ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠢ | ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ | ᠶᠡᠷᠦᠩᠬᠡᠶ ᠠᠩᠭᠢ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ | ᠲᠦᠪᠰᠢᠨ ᠤ ᠭᠤᠤᠯᠳᠠᠯᠭ᠎ᠠ ᠲᠠᠢ ᠨᠢᠭᠡᠴᠡ ᠶᠢᠨ ᠵᠠᠭᠠᠭᠯᠠᠨ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ | ︵ᠳᠣᠷᠣᠭᠰᠢ ︽ᠵᠠᠭᠠᠭᠯᠠᠨ ᠲᠣᠭᠲᠠᠭᠠᠬᠤ ᠪᠠᠷᠢᠮᠵᠢᠶ᠎ᠠ︾ ᠭᠡᠵᠦ ᠲᠣᠪᠴᠢᠯᠠᠨ᠎ᠠ︶ ᠢ ᠲᠣᠭᠲᠠᠭᠠᠨ ᠨᠡᠶᠢᠲᠡᠯᠡᠵᠦ᠂ | ᠡᠳᠦᠭᠡ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠶᠢ ᠭᠤᠶᠤᠴᠢᠯᠠᠨ ᠮᠡᠳᠡᠭᠦᠯᠬᠦ | ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠮᠡᠳᠡᠭᠦᠯᠬᠦ ᠬᠤᠭᠤᠴᠠᠭ᠎ᠠ᠄ | ᠲᠣᠰ ᠡᠳᠦᠷ ᠠᠴᠠ ᠡᠬᠢᠯᠡᠨ 2025 ᠣᠨ ᠤ 3 ᠰᠠᠷ᠎ᠠ ᠶᠢᠨ 1 ᠤ ᠡᠳᠦᠷ ᠪᠣᠯᠲᠠᠯ᠎ᠠ | ᠬᠤᠶᠠᠷ᠂ ᠮᠡᠳᠡᠭᠦᠯᠬᠦ ᠱᠠᠭᠠᠷᠳᠠᠯᠭ᠎ᠠ᠄ | 2024 ᠣᠨ ᠳᠤ ᠨᠢᠭᠡᠨᠲᠡ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠪᠠᠷ | ᠵᠢᠭᠰᠠᠭᠠᠭᠳᠠᠭᠰᠠᠨ ᠪᠥᠭᠡᠳ ᠤᠳᠤ ᠪᠣᠯᠲᠠᠯ᠎ᠠ ᠬᠤᠪᠢᠷᠠᠯᠲᠠ ᠭᠠᠷᠤᠭᠰᠠᠨ ᠦᠭᠡᠢ ᠪᠠᠶᠢᠪᠠᠯ᠂ 2025 ᠣᠨ ᠤ ᠭᠠᠯ | ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠪᠠᠷ ᠰᠢᠭᠤᠳ ᠲᠣᠭᠲᠠᠭᠠᠨ᠎ᠠ︔ ᠰᠢᠨ᠎ᠡ ᠪᠠᠷ | ᠨᠡᠮᠡᠭᠳᠡᠭᠰᠡᠨ ᠵᠠᠭᠠᠭᠯᠠᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠭᠰᠡᠨ ᠨᠡᠶᠢᠭᠡᠮ ᠤᠨ ᠨᠢᠭᠡᠴᠡ ᠶᠢ ᠬᠠᠤᠯᠢ ᠶᠣᠰᠣᠭᠠᠷ | ᠭᠤᠶᠤᠴᠢᠯᠠᠨ ᠮᠡᠳᠡᠭᠦᠯᠬᠦ ᠬᠡᠷᠡᠭᠲᠡᠶ︔ ᠭᠤᠣᠯᠳᠠᠯᠭ᠎ᠠ ᠲᠠᠢ ᠨᠢᠭᠡᠴᠢ ᠶᠢᠨ ᠳᠣᠲᠣᠷ᠎ᠠ ᠠᠴᠠ ᠲᠣᠬᠢᠷᠠᠭᠤᠯᠬᠤ᠂ ᠡᠮᠬᠢᠯᠡᠨ | ᠨᠡᠶᠢᠯᠡᠭᠦᠯᠬᠦ᠂ ᠤᠰᠠᠳᠬᠠᠬᠤ ᠪᠤᠶᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠶᠢᠨ | ᠵᠠᠭᠠᠭᠯᠠᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ᠂ ᠴᠠᠭ ᠲᠤᠬᠠᠶ ᠳᠤᠨᠢ ᠬᠤᠯᠪᠣᠭᠳᠠᠯ ᠪᠦᠬᠦᠢ | ᠮᠠᠲ᠋ᠧᠷᠢᠶᠠᠯ ᠢ ᠳᠡᠭᠡᠭᠰᠢ ᠮᠡᠳᠡᠭᠦᠯᠵᠦ᠂ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠭᠤᠣᠯᠳᠠᠯᠭ᠎ᠠ ᠲᠠᠢ ᠨᠢᠭᠡᠴᠢ ᠶᠢᠨ | ᠨᠡᠷᠡᠰ ᠤᠨ ᠵᠢᠭᠰᠠᠭᠠᠯᠲᠠ ᠠᠴᠠ ᠲᠣᠬᠢᠷᠠᠭᠤᠯᠤᠯᠲᠠ ᠬᠢᠵᠦ ᠬᠠᠰᠤᠬᠤ ᠬᠡᠷᠡᠭᠲᠡᠶ᠃ | ᠭᠤᠷᠪᠠ᠂ ᠮᠡᠳᠡᠭᠦᠯᠬᠦ ᠠᠷᠭ᠎ᠠ ᠵᠠᠮ᠄ | ᠪᠦᠬᠦ ᠬᠤᠲᠠ ᠶᠢᠨ ᠡᠯ᠎ᠡ ᠨᠡᠶᠢᠭᠡᠮ ᠤᠨ ᠨᠢᠭᠡᠴᠡ ︽ᠵᠠᠭᠠᠭᠯᠠᠨ ᠲᠣᠭᠲᠠᠭᠠᠬᠤ ᠪᠠᠷᠢᠮᠵᠢᠶ᠎ᠠ︾ ᠲᠠᠢ | ᠬᠠᠷᠢᠴᠠᠭᠤᠯᠵᠤ᠂ ᠨᠠᠷᠢᠨ ᠬᠢᠨᠠᠮᠠᠭᠠᠶ ᠬᠠᠷᠭᠤᠭᠤᠯᠵᠤ᠂ ᠪᠠᠷᠢᠮᠵᠢᠶ᠎ᠠ ᠳᠤ ᠨᠡᠶᠢᠴᠡᠭᠰᠡᠨ ᠨᠢᠭᠡᠴᠡ ᠪᠦᠬᠦᠨ ︽ᠭᠠᠯ | ᠤᠨᠲᠠᠷᠠᠭᠠᠬᠤ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠶᠢᠨ ᠭᠤᠶᠤᠴᠢᠯᠠᠨ ᠮᠡᠳᠡᠭᠦᠯᠬᠦ ᠳᠠᠩᠰᠠᠯᠠᠯ ᠤᠨ | ᠬᠦᠰᠦᠨᠦᠭᠲᠦ︾ ︵ᠳᠠᠭᠠᠯᠳᠤᠭᠤᠯᠤᠯ 2︶ ᠶᠢ ᠲᠠᠭᠯᠠᠨ ᠪᠢᠴᠢᠬᠦ ᠶᠢᠨ ᠬᠠᠮᠲᠤ ᠲᠣᠰ ᠨᠢᠭᠡᠴᠡ ᠶᠢᠨ ᠢᠶᠠᠨ ᠠᠯᠪᠠᠨ | ᠲᠠᠮᠠᠭ᠎ᠠ ᠶᠢ ᠳᠠᠷᠤᠨ᠎ᠠ᠂ ᠨᠢᠭᠡᠴᠡ ᠶᠢᠨ ᠭᠤᠤᠯ ᠬᠠᠷᠢᠭᠤᠴᠠᠯᠭᠠᠲᠠᠨ ︵ᠪᠤᠶᠤ ᠲᠣᠰ ᠨᠢᠭᠡᠴᠡ ᠶᠢᠨ ᠠᠵᠢᠯᠲᠠᠨ ᠳᠤ | ᠡᠷᠬᠡ ᠣᠯᠭᠤᠨ᠎ᠠ︶ ᠠᠴᠠ ᠨᠢᠭᠡᠴᠡ ᠶᠢᠨ ᠢᠶᠠᠨ ︽ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ | ᠲᠡᠮᠳᠡᠭ ᠤᠨ ᠦᠨᠡᠮᠯᠡᠯ︾ ᠵᠡᠷᠭᠡ ᠪᠡᠶ᠎ᠡ ᠶᠢᠨ ᠦᠨᠡᠮᠯᠡᠯ ᠤᠨ ᠭᠡᠷᠡᠴᠢᠯᠡᠬᠦ ᠪᠢᠴᠢᠭ ᠮᠠᠲ᠋ᠧᠷᠢᠶᠠᠯ ᠢ ᠬᠤᠤᠯᠢᠩᠭᠤᠤᠯ | ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠭᠤᠶᠤᠴᠢᠯᠠᠨ ᠮᠡᠳᠡᠭᠦᠯᠬᠦ ᠬᠠᠶ᠋ᠢᠭ᠄ | ᠬᠤᠤᠯᠢᠩᠭᠤᠤᠯ ᠬᠤᠲᠠ ᠶᠢᠨ ᠪᠢᠨ ᠾᠧ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠡᠮᠦᠨ᠎ᠡ | ᠬᠡᠰᠡᠭ ᠤᠨ 31 ᠳ᠋ᠦ᠋ᠭᠡᠷ ᠲᠣᠭᠠᠲᠤ᠂ ᠤᠲᠠᠰᠤ᠄ 0475 - 2743578᠃ |