︵2025 ᠣᠨ ᠤ 2 ᠰᠠᠷ᠎ᠠ ᠶᠢᠨ 14 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠤᠯᠢᠩᠭᠤᠤᠯ ᠬᠤᠲᠠ ᠶᠢᠨ ᠨᠠᠢᠮᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠤᠯᠢᠩᠭᠤᠤᠯ ᠬᠤᠲᠠ ᠶᠢᠨ ᠨᠠᠢᠮᠠᠳᠤᠭᠠᠷ ᠬᠤᠭᠤᠴᠠᠭᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ 2025 ᠣᠨ ᠤ 2 ᠰᠠᠷ᠎ᠠ ᠶᠢᠨ 14 ᠤ | ᠡᠳᠦᠷ ᠬᠤᠷᠠᠯᠳᠤᠪᠠ᠃ ᠬᠤᠷᠠᠯ ᠳᠤ ᠣᠷᠣᠯᠴᠠᠭᠰᠠᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠭᠡᠰᠢᠭᠦᠨ 14 ᠬᠥᠮᠦᠨ᠂ 140 ᠬᠥᠮᠦᠨ ᠰᠤᠯᠠ ᠣᠷᠣᠯᠴᠠᠪᠠ᠃ | ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ | ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ ᠪᠥᠬᠦᠳᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠪᠠ ᠬᠤᠲᠠ ᠶᠢᠨ ᠠᠷᠠᠳ ᠤᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ | ᠬᠤᠷᠢᠶᠠᠨ ᠤ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠲᠠᠯ᠎ᠠ ᠶᠢᠨ ᠤᠳᠤᠷᠢᠳᠬᠤ ᠨᠥᠬᠦᠳ | ᠂ ᠣᠨᠴᠠ ᠤᠷᠢᠭᠰᠠᠨ ᠬᠢᠨᠠᠨ ᠪᠠᠶᠢᠴᠠᠭᠠᠭᠴᠢ ᠬᠤᠷᠠᠯ ᠳᠤ ᠣᠷᠣᠯᠴᠠᠪᠠ᠃ | ᠪᠥᠬᠦᠳᠡ ᠬᠤᠷᠠᠯ ᠢ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ | ᠡᠷᠬᠢᠯᠡᠪᠡ᠃ ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠤᠷᠢᠳᠤᠭᠠᠷ ᠬᠤᠭᠤᠴᠠᠭᠠᠨ ᠤ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠬᠦᠳᠡ ᠬᠤᠷᠠᠯ᠂ ᠥᠪᠡᠷᠲᠡᠭᠡᠨ ᠵᠠᠰᠠᠬᠤ | ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ | ᠪᠦᠬᠦᠳᠡ ᠬᠤᠷᠠᠯ᠂ ᠲᠦᠩᠯᠢᠶᠣᠤ ᠬᠤᠳᠠ ᠶᠢᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠲᠠᠪᠤᠳᠤᠭᠠᠷ ᠪᠦᠬᠦᠳᠡ ᠬᠤᠷᠠᠯ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ | ᠬᠤᠭᠤᠴᠠᠭᠠᠨ ᠤ ᠳᠣᠯᠣᠳᠤᠭᠠᠷ ᠪᠦᠬᠦᠳᠠ ᠬᠤᠷᠠᠯ᠂ ᠨᠠᠢᠮᠠᠳᠤᠭᠠᠷ ᠪᠦᠬᠦᠳᠡ ᠬᠤᠷᠠᠯ ᠤᠨ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ 2024 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ | ᠳ᠋ᠦᠩᠨᠡᠵᠦ᠂ 2025 ᠣᠨ ᠤ ᠡᠭᠦᠷᠭᠡ ᠶᠢ ᠪᠠᠶᠢᠷᠢᠯᠠᠭᠤᠯᠪᠠ᠃ ᠯᠢᠦ ᠮᠢᠩ ᠭᠦᠸᠧ ᠨᠥᠬᠦᠷ ᠤᠨ ᠬᠤᠳᠠ ᠶᠢᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ ︽ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ | ᠲᠡᠮᠡᠴᠡᠯ ᠢ ᠭᠦᠨᠵᠡᠭᠡᠢ ᠠᠬᠢᠭᠤᠯᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠣᠳᠣᠬᠢᠴᠢᠯᠠᠭᠰᠠᠨ | ᠬᠤᠤᠯᠢᠩᠭᠤᠤᠯ ᠤᠨ ᠪᠦᠳᠦᠭᠡᠨ ᠪᠠᠶᠢᠭᠤᠯᠤᠯᠲᠠ ᠪᠠᠷ ᠯᠠᠪᠳᠠᠭᠤᠨ ᠢᠶᠠᠷ ᠬᠤᠯᠠ ᠠᠶᠠᠯᠠᠬᠤ ᠶᠢ ᠬᠠᠮᠠᠭᠠᠯᠠᠶ᠎ᠠ︾ ᠭᠡᠬᠦ | ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠨ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ | ᠲᠥᠪᠯᠡᠷᠡᠭᠦᠯᠦᠨ ᠦᠵᠡᠪᠡ᠃ | ᠪᠦᠬᠦᠳᠡ ᠬᠤᠷᠠᠯ ᠠᠴᠠ ᠭᠤᠤ ᠵᠢᠢ ᠶᠧ ᠨᠥᠬᠦᠷ ᠤᠨ ᠶᠠᠷᠢᠶ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠶᠠᠷᠢᠶ᠎ᠠ ᠨᠢ | ᠪᠦᠬᠦ ᠲᠠᠯ᠎ᠠ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠲᠤᠭᠤᠰᠢᠯᠠᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠲᠠᠪᠤᠳᠤᠭᠠᠷ ᠪᠦᠬᠦᠳᠡ ᠬᠤᠷᠠᠯ᠂ ᠲᠦᠩᠯᠢᠶᠣᠤ ᠬᠤᠳᠠ ᠶᠢᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ᠂ ᠨᠠᠢᠮᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠥᠨᠳᠥᠷ᠂ ᠬᠠᠷᠠᠯᠲᠠ | ᠪᠠᠶᠢᠷᠢ ᠲᠣᠭᠲᠠᠭᠠᠯᠲᠠ ᠣᠨᠣᠪᠴᠢᠲᠠᠢ᠂ ᠰᠡᠳᠬᠢᠴᠡ ᠰᠢᠨ᠎ᠡ᠂ ᠠᠵᠢᠯ ᠤᠨ ᠨᠠᠶᠢᠳᠠᠪᠤᠷᠢᠵᠢᠭᠤᠯᠤᠯᠲᠠ ᠪᠣᠳᠠᠲᠠᠢ ᠪᠠᠶᠢᠵᠤ | ᠂ ᠪᠦᠬᠦ ᠬᠤᠳᠠ ᠶᠢᠨ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠲᠤᠬᠠᠢ | ᠴᠢᠬᠤᠯᠠ ᠪᠠᠶᠢᠷᠢᠯᠠᠭᠤᠯᠤᠯᠲᠠ ᠬᠢᠵᠡᠢ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ | ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠳᠤ᠂ ᠲᠦᠩᠯᠢᠶᠣᠤ ᠬᠤᠲᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠬᠤᠤᠯᠢᠩᠭᠤᠤᠯ ᠬᠤᠲᠠ ᠶᠢᠨ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠬᠤᠲᠠ ᠶᠢᠨ ᠡᠯ᠎ᠡ ᠱᠠᠲᠤᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ | ᠱᠤᠭᠤᠮ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠶ ᠥᠷᠨᠢᠭᠦᠯᠵᠦ᠂ ᠭᠤᠤᠯ ᠰᠡᠳᠦᠪᠲᠦ ᠬᠥᠮᠦᠵᠢᠯ᠂ ᠬᠥᠮᠦᠵᠢᠯ ᠴᠡᠭᠴᠡᠯᠡᠯᠲᠡ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠭᠡᠵᠦ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠰᠢᠨ᠎ᠡ ᠦᠷ᠎ᠡ ᠪᠦᠲᠦᠮᠵᠢ ᠤᠯᠪᠠ | ᠃ ᠤᠨᠤᠯ ᠢᠶᠠᠷ ᠵᠡᠪᠰᠡᠭᠯᠡᠬᠦ ᠶᠢ ᠪᠣᠳᠠᠲᠠᠢ ᠠᠳᠬᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠴᠥᠬᠦᠷᠡᠰᠢ ᠦᠭᠡᠢ ᠪᠠᠷᠢᠮᠲᠠᠯᠠᠵᠤ | ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠵᠢᠯᠣᠭᠤᠳᠤᠨ ᠠᠬᠢᠭᠤᠯᠤᠨ᠎ᠠ᠃ ᠤᠯᠤᠰ ᠲᠦᠷᠦ ᠶᠢᠨ | ᠬᠢᠨᠠᠯᠲᠠ ᠶᠢ ᠴᠢᠩᠭᠠᠳᠬᠠᠵᠤ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠦᠴᠦᠲᠡᠢ | ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ | ᠴᠢᠩᠳᠠᠯᠠᠨ ᠢᠯᠵᠠᠷᠠᠯ ᠢ ᠡᠰᠡᠷᠭᠦᠴᠡᠵᠦ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠨ᠂ ᠲᠥᠪ | ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠳᠠᠯᠠᠩ ᠬᠠᠰᠢᠯᠭ᠎ᠠ ᠶᠢ ᠪᠠᠲᠤ ᠴᠣᠭᠴᠠᠯᠠᠵᠤ᠂ ᠢᠯᠵᠠᠷᠠᠯ ᠢ | ᠡᠰᠡᠷᠭᠦᠴᠡᠬᠦ ᠲᠠᠯ᠎ᠠ ᠪᠠᠷ ᠪᠦᠬᠦ ᠲᠠᠯ᠎ᠠ ᠪᠠᠷ ᠴᠢᠩᠭ᠎ᠠ᠂ ᠰᠠᠯᠬᠢ ᠪᠠ ᠢᠯᠵᠡᠷᠡᠯ ᠢ ᠬᠠᠮᠲᠤ ᠪᠠᠷ ᠪᠠᠶᠢᠴᠠᠭᠠᠬᠤ ᠶᠢ | ᠲᠦᠯᠬᠢᠨ ᠠᠬᠢᠭᠤᠯᠤᠨ᠎ᠠ᠃ | ᠨᠢᠭᠡᠳᠦᠭᠡᠷ ᠲᠤ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠬᠤ᠂ ᠣᠨᠣᠴᠠᠲᠠᠶ᠂ ᠪᠠᠶᠢᠩᠭᠤᠵᠢᠭᠤᠯᠬᠤ ᠶᠢ | ᠥᠴᠦᠬᠡᠨ ᠴᠦ ᠭᠤᠶᠢᠪᠢᠰᠢ ᠥᠬᠡᠶ ᠠᠬᠢᠭᠤᠯᠵᠤ᠂ ︽ᠬᠤᠶᠠᠷ ᠢ ᠬᠠᠮᠠᠭᠠᠯᠠᠬᠤ︾ ᠶᠢ ᠴᠢᠩᠭ᠎ᠠ ᠠᠩᠬᠠᠷᠴᠤ ᠬᠢᠨᠠᠯᠲᠠ | ᠲᠠᠯᠪᠢᠵᠤ ᠪᠠᠲᠤᠯᠠᠬᠤ ᠶᠢ ᠴᠢᠩᠭᠠᠳᠬᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ | ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠥᠷᠨᠢᠭᠦᠯᠬᠦ ᠵᠢᠴᠢ ᠲᠦᠩᠯᠢᠶᠣᠤ ᠬᠤᠳᠠ ᠶᠢᠨ ᠨᠠᠮ ᠤᠨ | ᠬᠤᠷᠢᠶ᠎ᠠ ᠪᠣᠯᠤᠨ ᠬᠤᠤᠯᠢᠩᠭᠤᠤᠯ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ | ᠲᠣᠭᠤᠷᠢᠨ ᠳᠤ᠂ ᠡᠯ᠎ᠡ ᠵᠦᠢᠯ ᠤᠨ ᠬᠢᠨᠠᠯᠲᠠ ᠲᠠᠯᠪᠢᠯᠲᠠ ᠶᠢ ᠨᠡᠪᠲᠡᠷᠡᠯᠴᠡᠭᠦᠯᠦᠨ ᠠᠭᠤᠰᠤᠯᠴᠠᠭᠤᠯᠬᠤ ᠶᠢ ᠭᠦᠨᠵᠡᠭᠡᠢ | ᠠᠬᠢᠭᠤᠯᠵᠤ᠂ ︽ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠬᠢᠨᠠᠯᠲᠠ ᠲᠠᠯᠪᠢᠬᠤ ᠣᠨ︾ ᠤ ᠠᠵᠢᠯᠯᠠᠭ᠎ᠠ ᠶᠢ | ᠥᠷᠨᠢᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ | ᠡᠯ᠎ᠡ ᠱᠠᠲᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ | ᠶᠣᠰᠣ ᠲᠦᠷᠢᠮ ᠢ ᠴᠢᠩᠳᠠᠯᠠᠵᠤ᠂ ᠦᠵᠡᠯ ᠤᠬᠠᠮᠰᠠᠷ ᠤᠨ ᠬᠡᠯᠪᠡᠷᠢ ᠵᠡᠷᠭᠡ ᠬᠦᠷᠢᠶᠡᠨ ᠳᠠᠬᠢ ᠬᠢᠨᠠᠯᠲᠠ | ᠪᠠᠶᠢᠴᠠᠭᠠᠯᠲᠠ ᠶᠢ ᠴᠢᠩᠭᠠᠳᠬᠠᠵᠤ᠂ ︽ᠲᠤᠯᠤᠭᠠᠨ ᠵᠦᠢᠯ ᠪᠠᠶᠢᠬᠤ︾ ᠶᠢ ᠴᠢᠩᠭ᠎ᠠ ᠰᠡᠷᠭᠡᠶᠢᠯᠡᠵᠦ᠂ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠤᠯᠤᠰ ᠲᠥᠷᠥ | ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠠᠬᠢᠭᠤᠯᠤᠨ᠎ᠠ᠃ ︽ᠨᠢᠭᠡᠳᠦᠭᠡᠷ ᠭᠠᠷ︾ ᠪᠣᠯᠤᠨ | ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠢ ᠱᠠᠯᠠᠪᠳᠠᠭᠤᠯᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢᠨ ᠲᠣᠭᠲᠠᠭᠠᠯ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠳᠤᠲᠠᠭᠳᠠᠬᠤ᠂ | ᠨᠠᠮ ᠢ ᠬᠠᠮᠢᠶᠠᠷᠴᠤ ᠨᠠᠮ ᠢ ᠵᠠᠰᠠᠬᠤ ᠬᠦᠴᠦᠨ ᠮᠡᠬᠦᠰᠳᠡᠬᠦ ᠵᠡᠷᠭᠡ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠬᠤᠶᠠᠳᠤᠭᠠᠷ ᠲᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠥᠴᠦᠬᠡᠨ ᠴᠦ ᠭᠤᠶᠢᠪᠢᠰᠢ ᠦᠭᠡᠢ | ᠴᠢᠩᠭᠠᠳᠬᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠠᠵᠢᠯ ᠬᠢᠵᠦ ᠦᠢᠯᠡᠰ | ᠪᠤᠰᠬᠠᠬᠤ ᠶᠢ ᠤᠬᠠᠮᠰᠠᠷ ᠪᠣᠯᠭᠠᠬᠤ ᠶᠢ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯᠳᠠᠯᠭ᠎ᠠ ᠶᠢ ᠲᠤᠪᠤᠶᠢᠯᠭᠠᠨ ᠰᠤᠷᠤᠯᠴᠠᠬᠤ᠂ ᠪᠦᠬᠦ ᠠᠵᠢᠯᠳᠠᠨ ᠢ | ᠬᠠᠮᠤᠷᠤᠨ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠱᠠᠯᠠᠪᠳᠠᠭᠤᠯᠵᠤ᠂ ᠰᠠᠬᠢᠯᠭ᠎ᠠ ᠪᠠᠲᠤ | ᠶᠣᠰᠣ ᠲᠦᠷᠢᠮ ᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠶᠢ ᠪᠠᠲᠤᠯᠠᠬᠤ ᠬᠡᠷᠡᠭᠲᠡᠢ᠃ | ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠰᠠᠬᠢᠯᠭ᠎ᠠ ᠪᠠᠲᠤ ᠶᠢ | ᠵᠥᠷᠢᠴᠡᠭᠰᠡᠨ ᠠᠰᠠᠭᠤᠳᠠᠯ ᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠰᠠᠬᠢᠯᠭ᠎ᠠ ᠪᠠᠲᠤ ᠶᠢᠨ | ᠬᠠᠲᠠᠭᠤ ᠬᠢᠵᠠᠭᠠᠷᠯᠠᠯ ᠢ ᠦᠨᠡᠨᠬᠦ ᠬᠠᠮᠠᠭᠠᠯᠠᠨ᠎ᠠ᠃ ︽ᠳᠥᠷᠪᠡᠨ ᠵᠦᠶ᠋ᠯ ᠤᠨ ᠬᠡᠯᠪᠡᠷᠢ ᠪᠠᠶᠢᠳᠠᠯ︾ ᠢ ᠨᠠᠷᠢᠯᠢᠭ | ᠣᠨᠣᠴᠠᠲᠠᠶ ᠪᠠᠷ ᠬᠡᠷᠡᠭᠯᠡᠵᠦ᠂ ︽ᠭᠤᠷᠪᠠ ᠶᠢ ᠢᠯᠭᠠᠬᠤ︾ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ | ᠭᠦᠳᠬᠡᠭᠳᠡᠨ ᠬᠤᠤᠷᠯᠠᠭᠰᠠᠨ ᠺᠠᠳ᠋ᠷ ᠤᠨ ᠨᠡᠷ᠎ᠡ ᠶᠢ ᠴᠠᠭ ᠲᠤᠬᠠᠶ ᠳᠤᠨᠢ ᠴᠠᠭᠠᠳᠬᠠᠨ ᠥᠭᠴᠦ᠂ ᠴᠢᠩᠭ᠎ᠠ ᠬᠠᠮᠢᠶᠠᠷᠴᠤ | ᠬᠢᠨᠠᠯᠲᠠ ᠲᠠᠯᠪᠢᠬᠤ ᠪᠠ ᠡᠭᠦᠷᠭᠡᠯᠡᠬᠦ ᠶᠢ ᠵᠣᠷᠢᠭᠵᠢᠭᠤᠯᠬᠤ ᠶᠢ ᠨᠢᠭᠡᠳᠬᠡᠵᠦ᠂ ᠰᠤᠷᠭᠠᠨ ᠬᠥᠮᠦᠵᠢᠭᠦᠯᠵᠦ ᠬᠢᠵᠠᠭᠠᠷᠯᠠᠬᠤ | ᠂ ᠪᠠᠲᠤᠯᠠᠨ ᠤᠷᠮᠠᠰᠢᠭᠤᠯᠬᠤ ᠦᠶ᠋ᠯᠡᠳᠦᠯ ᠢ ᠭᠦᠶ᠋ᠴᠡᠳ ᠪᠠᠳᠠᠷᠠᠭᠤᠯᠤᠨ᠎ᠠ᠃ | ᠭᠤᠷᠪᠠᠳᠤᠭᠠᠷ ᠲᠤ᠂ ᠲᠥᠪ ᠰᠤᠷᠲᠠᠯ ᠢ ᠥᠴᠦᠬᠡᠨ ᠴᠦ ᠭᠤᠶᠢᠪᠢᠰᠢ ᠦᠭᠡᠢ ᠪᠠᠷ ᠢᠯᠵᠠᠷᠠᠯ ᠢ ᠡᠰᠡᠷᠭᠦᠴᠡᠵᠦ᠂ | ᠡᠷᠬᠡ ᠶᠢᠨ ᠠᠵᠢᠯᠯᠠᠭᠠᠨ ᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠰᠢᠨᠲᠠᠷᠠᠰᠢ ᠦᠭᠡᠢ ᠨᠠᠶᠢᠳᠠᠪᠤᠷᠢᠵᠢᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ | ᠲᠣᠭᠲᠠᠭᠠᠯ ᠠᠴᠠ ᠵᠥᠷᠢᠴᠡᠨ ᠨᠡᠮᠡᠭᠦᠷᠢ ᠣᠯᠭᠤᠬᠤ᠂ ᠲᠣᠭᠲᠠᠭᠠᠯ ᠠᠴᠠ ᠵᠥᠷᠢᠴᠡᠨ ᠪᠡᠯᠡᠭ ᠪᠡᠯᠡᠭ ᠣᠯᠭᠤᠬᠤ᠂ | ᠱᠠᠯᠢᠨ ᠪᠦᠷᠢᠯᠭᠡᠬᠦ ᠵᠡᠷᠭᠡ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠤᠨ ᠠᠰᠠᠭᠤᠳᠠᠯ ᠢ ᠡᠷᠡᠰ | ᠵᠠᠯᠠᠷᠠᠭᠤᠯᠤᠨ ᠵᠠᠰᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠰᠣᠩᠭᠤᠯᠲᠠ ᠬᠢᠬᠦ᠂ | ᠬᠤᠪᠢᠷᠠᠭᠤᠯᠬᠤ᠂ ᠠᠵᠢᠯ ᠬᠢᠬᠦ ᠦᠭᠡᠢ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ᠂ ᠤᠯᠠᠨ ᠲᠦᠮᠡᠨ ᠤ ᠬᠠᠤᠯᠢ | ᠶᠣᠰᠣᠨ ᠤ ᠡᠷᠬᠡ ᠠᠰᠢᠭ ᠲᠤ ᠬᠠᠯᠳᠠᠬᠤ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠦᠯᠦ | ᠬᠠᠶᠢᠬᠤᠷᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠱᠠᠮᠰᠢᠬᠤ ᠶᠢ ᠥᠴᠦᠬᠡᠨ ᠴᠦ | ᠵᠥᠭᠡᠯᠡᠨ ᠵᠠᠯᠬᠠᠭᠠᠬᠤ ᠦᠭᠡᠢ ᠪᠠᠷ ᠢᠯᠵᠠᠷᠠᠯ ᠢ ᠵᠠᠰᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ | ᠡᠮ ᠡᠮᠨᠡᠯᠭᠡ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠬᠦᠷᠢᠶᠡᠨ ᠤ ᠰᠢᠰᠲ᠋ᠧᠮ ᠢ | ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠰᠢᠨ᠎ᠡ ᠬᠡᠯᠪᠡᠷᠢ ᠶᠢᠨ ᠢᠯᠵᠠᠷᠠᠯ ᠪᠠ ᠳᠠᠯᠳᠠ ᠴᠢᠨᠠᠷᠲᠠᠢ | ᠢᠯᠵᠠᠷᠠᠯ ᠢ ᠬᠦᠴᠦᠯᠡᠨ ᠰᠢᠢᠳᠪᠦᠷᠢᠯᠡᠨ᠎ᠡ᠃ ᠬᠡᠬᠡᠯᠢ ᠬᠠᠭ᠋ᠤᠤᠯᠢ ᠢᠳᠡᠵᠤ ᠬᠠᠭ᠋ᠤᠤᠯᠢ ᠲᠦᠯᠭᠢᠭᠦ ᠶᠢ ᠬᠠᠮᠳᠤ ᠪᠠᠷ | ᠪᠠᠶᠢᠴᠠᠭᠠᠬᠤ ᠶᠢ ᠪᠠᠷᠢᠮᠳᠠᠯᠠᠵᠤ᠂ ᠵᠠᠰᠠᠭ ᠤᠨ ᠤᠷᠳᠤᠨ ᠪᠠ ᠬᠤᠳᠠᠯᠳᠤᠭᠠᠴᠢᠨ ᠤ ᠰᠦᠯᠪᠡᠭᠡᠯᠭᠡ ᠵᠡᠷᠭᠡ ᠠᠰᠢᠭ | ᠲᠤᠰᠠ ᠶᠢᠨ ᠭᠡᠯᠭᠢᠶ᠎ᠠ ᠶᠢ ᠲᠠᠰᠤᠯᠤᠨ᠎ᠠ᠃ ᠵᠡᠷᠭᠡᠪᠡᠷ ᠪᠠᠶᠢᠴᠠᠭᠠᠵᠤ ᠵᠡᠷᠭᠡᠪᠡᠷ ᠵᠠᠰᠠᠬᠤ᠂ ᠰᠢᠨ᠎ᠡ ᠰᠤᠷᠲᠠᠯ ᠲᠥᠪ | ᠰᠤᠷᠲᠠᠯ ᠢ ᠪᠤᠢ ᠪᠣᠯᠭᠠᠬᠤ ᠶᠢ ᠦᠷᠭᠦᠯᠵᠢᠯᠡᠨ ᠠᠬᠢᠭᠤᠯᠵᠤ᠂ ᠰᠠᠯᠬᠢᠨ ᠤ ᠢᠯᠵᠠᠷᠠᠯ ᠤᠨ ᠬᠤᠪᠢᠷᠠᠯᠲᠠ ᠶᠢ | ᠨᠠᠪᠲᠠᠷᠡᠭᠦᠯᠵᠦ ᠲᠠᠰᠤᠯᠤᠨ᠎ᠠ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠡᠷᠬᠡ ᠶᠢ | ᠲᠡᠭᠦᠯᠳᠡᠷᠵᠢᠭᠦᠯᠬᠦ ᠲᠣᠬᠢᠷᠠᠭᠤᠯᠤᠯᠲᠠ ᠪᠠ ᠠᠵᠢᠯᠯᠠᠭᠠᠨ ᠢ ᠠᠬᠢᠭᠤᠯᠤᠨ᠎ᠠ᠃ ᠠᠷᠢᠭᠤᠨ ᠴᠢᠬᠡᠴᠢ ᠰᠣᠶᠣᠯ ᠤᠨ | ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭ ᠨᠠᠮ ᠤᠨ ᠰᠤᠷᠲᠠᠯ ᠵᠠᠰᠠᠭ ᠤᠨ ᠰᠤᠷᠲᠠᠯ ᠢ ᠪᠤᠢ ᠪᠣᠯᠭᠠᠨ᠎ᠠ᠃ | ᠳᠥᠷᠪᠡᠳᠦᠭᠡᠷ ᠲᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ | ᠥᠴᠦᠬᠡᠨ ᠴᠦ ᠭᠤᠶᠢᠪᠢᠰᠢ ᠦᠭᠡᠢ ᠴᠡᠭᠴᠡᠯᠡᠨ ᠵᠠᠰᠠᠵᠤ᠂ ᠤᠯᠠᠨ ᠲᠦᠮᠡᠨ ᠤ ᠥᠭᠡᠷᠡᠴᠢᠯᠡᠯᠲᠡ ᠶᠢᠨ ᠦᠷ᠎ᠡ | ᠪᠦᠲᠦᠭᠡᠯ ᠳᠤ ᠬᠠᠨᠤᠮᠵᠢᠲᠠᠢ ᠪᠠᠶᠢᠬᠤ ᠶᠢ ᠠᠬᠢᠭᠤᠯᠬᠤ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠭᠰᠠᠨ | ᠲᠤᠷᠰᠢᠯᠭ᠎ᠠ ᠠᠷᠭ᠎ᠠ ᠬᠢᠳᠡᠯ ᠢ ᠪᠥᠬᠦ ᠲᠠᠯ᠎ᠠ ᠪᠠᠷ ᠳ᠋ᠦᠩᠨᠡᠵᠦ᠂ ︽ᠨᠠᠮ ᠤᠨ ᠬᠤᠷᠢᠶᠠᠨ ᠤ ᠭᠤᠤᠯ ᠴᠣᠭᠴᠠ ᠶᠢᠨ | ᠬᠠᠷᠢᠭᠤᠴᠠᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ | ᠬᠠᠷᠢᠭᠤᠴᠠᠯᠭ᠎ᠠ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ︾ ᠶᠢᠨ | ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠤᠨ᠎ᠠ᠃ ︽ᠰᠤᠷᠭᠠᠭᠤᠯᠢ ᠶᠢᠨ ᠬᠦᠷᠢᠶᠡᠨ ᠤ ᠬᠤᠭᠤᠯᠠ︾᠂ | ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ᠂ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠨᠠᠰᠤᠵᠢᠯ ᠤᠨ ᠦᠢᠯᠡᠴᠢᠯᠡᠭᠡ | ᠵᠡᠷᠭᠡ ᠲᠠᠯ᠎ᠠ ᠶᠢᠨ ᠲᠤᠪᠤᠶᠢᠮ᠎ᠠ ᠠᠰᠠᠭᠤᠳᠠᠯ ᠢ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠣᠰᠢᠭᠤᠯᠭ᠎ᠠ ᠶᠢᠨ | ᠬᠦᠷᠢᠶᠡᠨ ᠳᠠᠬᠢ ᠢᠯᠵᠠᠷᠠᠯ ᠤᠨ ᠰᠠᠮᠠᠭᠤᠨ ᠦᠵᠡᠭᠳᠡᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠯᠠᠪᠳᠠᠭᠤᠨ | ᠪᠠᠲᠤᠲᠠᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ︽ᠬᠠᠮᠠᠭᠠᠯᠠᠭᠴᠢ ᠰᠢᠬᠦᠷ ᠢ | ᠤᠰᠠᠳᠬᠠᠬᠤ︾ ᠶᠢ ᠪᠠᠶᠢᠩᠭᠤᠵᠢᠭᠤᠯᠤᠨ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ᠂ ᠠᠵᠤ ᠦᠢᠯᠡᠳᠪᠦᠷᠢ ᠶᠢᠨ ᠬᠥᠭᠵᠢᠯᠲᠡ ᠶᠢ ᠠᠬᠢᠭᠤᠯᠬᠤ ᠶᠡᠷᠦᠩᠬᠡᠢ ᠡᠭᠦᠷᠭᠡ ᠶᠢᠨ ᠲᠣᠭᠤᠷᠢᠨ ᠳᠤ | ᠲᠤᠰᠬᠠᠢ ᠴᠡᠭᠴᠡᠯᠡᠨ ᠵᠠᠰᠠᠯᠲᠠ ᠶᠢ ᠴᠢᠩᠭᠠᠳᠬᠠᠵᠤ᠂ ᠤᠯᠠᠨ ᠲᠦᠮᠡᠨ ᠤ ᠳᠡᠷᠭᠡᠳᠡᠬᠢ ︽ᠢᠯᠵᠠᠷᠠᠭᠴᠢ ᠢᠯᠠᠭ᠎ᠠ | ᠱᠠᠮᠰᠢᠭᠴᠢ ᠰᠢᠷᠭᠤᠯᠵᠢ ︾ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠬᠤ᠂ ᠵᠠᠰᠠᠯᠲᠠ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠳᠤ ᠰᠠᠶᠢᠨ ᠶᠠᠪᠤᠳᠠᠯ᠂ ᠪᠣᠳᠠᠲᠠᠢ | ᠶᠠᠪᠤᠳᠠᠯ ᠬᠢᠬᠦ ᠶᠢ ᠠᠬᠢᠭᠤᠯᠵᠤ᠂ ᠤᠯᠠᠨ ᠲᠦᠮᠡᠨ ᠤ ᠲᠤᠰᠬᠠᠢ ᠴᠡᠭᠴᠡᠯᠡᠨ ᠵᠠᠰᠠᠯᠲᠠ᠂ ᠥᠭᠡᠷᠡᠴᠢᠯᠡᠯᠲᠡ | ᠬᠥᠭᠵᠢᠯᠲᠡ ᠶᠢᠨ ᠦᠷ᠎ᠡ ᠪᠦᠲᠦᠭᠡᠯ ᠤᠨ ᠲᠤᠬᠠᠢ ᠲᠦᠷᠦᠭᠳᠡᠯ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠤᠨ ᠲᠣᠭᠤᠷᠢᠨ ᠳᠤ᠂ ᠬᠤᠳᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠤᠰᠬᠠᠢ ᠠᠵᠢᠯ ᠢᠶᠠᠨ | ᠮᠡᠳᠡᠭᠦᠯᠦᠨ᠎ᠡ᠃ | ᠲᠠᠪᠤᠳᠤᠭᠠᠷ ᠲᠤ᠂ ᠲᠤᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠪᠦᠬᠦᠨ ᠢ ᠪᠦᠷᠬᠦᠬᠦᠯᠬᠦ ᠶᠢ ᠥᠴᠦᠬᠡᠨ | ᠴᠦ ᠭᠤᠶᠢᠪᠢᠰᠢ ᠦᠭᠡᠢ ᠠᠬᠢᠭᠤᠯᠵᠤ᠂ ᠤᠨᠢᠨ ᠳᠡᠭᠡᠷ᠎ᠡ ᠨᠢ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ | ᠪᠦᠲᠦᠮᠵᠢᠲᠡᠢ ᠰᠢᠢᠳᠪᠦᠷᠢᠯᠡᠬᠦ ᠲᠠᠯ᠎ᠠ ᠪᠠᠷ ᠲᠠᠬᠢᠨ ᠬᠦᠴᠦᠯᠡᠬᠦ ᠬᠡᠷᠡᠭᠲᠡᠢ᠃ ᠨᠠᠢᠮᠠᠳᠤᠭᠠᠷ ᠬᠤᠭᠤᠴᠠᠭᠠᠨ ᠤ | ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ᠂ ᠶᠢᠰᠦᠳᠦᠭᠡᠷ ᠡᠭᠡᠯᠵᠢ ᠶᠢᠨ ᠪᠠᠶᠢᠩᠭᠤ ᠶᠢᠨ ᠲᠣᠭᠤᠷᠢᠨ | ᠪᠠᠶᠢᠴᠠᠭᠠᠯᠲᠠ ᠶᠢ ᠥᠷᠨᠢᠭᠦᠯᠵᠦ᠂ ᠲᠣᠰᠬᠤᠨ ᠳᠤ ᠲᠣᠭᠤᠷᠢᠨ ᠪᠠᠶᠢᠴᠠᠭᠠᠬᠤ ᠶᠢ ᠭᠦᠨᠵᠡᠭᠡᠶ ᠠᠬᠢᠭᠤᠯᠵᠤ᠂ ᠵᠢᠯ ᠤᠨ | ᠡᠴᠦᠰ ᠪᠣᠯᠬᠤ ᠳᠤ ᠲᠣᠭᠤᠷᠢᠨ ᠪᠠᠶᠢᠴᠠᠭᠠᠬᠤ ᠶᠢ ᠨᠡᠶᠢᠳᠡᠮ ᠪᠦᠷᠬᠦᠭᠦᠯᠬᠦ ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠦᠷᠭᠦᠯᠵᠢᠯᠡᠨ ︽ᠳᠥᠷᠪᠡᠨ ᠠᠩᠬᠠᠷᠤᠯ︾ ᠤᠨ ᠲᠣᠭᠤᠷᠢᠨ ᠳᠤ ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢ | ᠭᠦᠨᠵᠡᠭᠡᠶᠢᠷᠡᠭᠦᠯᠵᠦ᠂ ︽ᠨᠢᠭᠡᠳᠦᠭᠡᠷ ᠭᠠᠷ︾ ᠤᠨ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ | ᠴᠢᠩᠭᠠᠳᠬᠠᠵᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠂ ᠵᠣᠬᠢᠶᠠᠨ ᠪᠠᠶᠢᠭᠤᠯᠬᠤ᠂ ᠤᠬᠠᠭᠤᠯᠬᠤ᠂ ᠬᠢᠨᠠᠨ ᠪᠤᠳᠤᠬᠤ᠂ ᠪᠦᠷᠢᠳᠬᠡᠬᠦ ᠵᠡᠷᠭᠡ ᠬᠢᠨᠠᠯᠲᠠ ᠶᠢ ᠣᠷᠭᠠᠨᠢᠭ ᠢᠶᠠᠷ | ᠨᠡᠪᠲᠡᠷᠡᠭᠦᠯᠵᠦ᠂ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ | ︽ᠨᠢᠭᠡ ᠱᠤᠭᠤᠮ︾ ᠤᠨ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠪᠠᠬᠢᠵᠢᠭᠦᠯᠵᠦ᠂ ᠪᠠᠷᠢᠨ | ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ᠂ ᠦᠨᠡᠨ ᠬᠦ | ᠰᠠᠶᠢᠵᠢᠷᠠᠭᠤᠯᠵᠤ ᠪᠣᠳᠠᠲᠠᠶ ᠰᠠᠶᠢᠵᠢᠷᠠᠭᠤᠯᠬᠤ ᠶᠢ ᠠᠬᠢᠭᠤᠯᠵᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ᠂ | ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ᠴᠠᠭᠳᠠᠨ ᠪᠠᠶᠢᠴᠠᠭᠠᠭᠰᠠᠨ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ᠂ ᠨᠡᠶᠢᠲᠡᠯᠢᠭ ᠴᠢᠨᠠᠷᠲᠠᠢ ᠠᠰᠠᠭᠤᠳᠠᠯ ᠪᠠ ᠭᠦᠨ | ᠳᠠᠪᠬᠤᠷᠭ᠎ᠠ ᠶᠢᠨ ᠠᠰᠠᠭᠤᠳᠠᠯ ᠢ ᠭᠦᠨᠵᠡᠭᠡᠢ ᠰᠤᠳᠤᠯᠤᠨ ᠰᠢᠢᠳᠪᠦᠷᠢᠯᠡᠨ᠎ᠡ᠃ ᠴᠡᠭᠴᠡᠯᠡᠨ ᠰᠠᠶᠢᠵᠢᠷᠠᠭᠤᠯᠬᠤ ᠶᠢ | ᠰᠢᠮᠳᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠯᠲᠠ ᠶᠢᠨ ᠪᠢᠲᠡᠭᠦᠦ ᠴᠠᠭᠠᠷᠢᠭ ᠢ | ᠪᠦᠷᠢᠯᠳᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠵᠢᠷᠭᠤᠳᠤᠭᠠᠷ ᠲᠤ᠂ ︽ᠭᠤᠷᠪᠠᠵᠢᠭᠤᠯᠬᠤ︾ ᠪᠠᠶᠢᠭᠤᠯᠤᠯᠲᠠ ᠶᠢ ᠥᠴᠦᠬᠡᠨ ᠴᠦ ᠭᠤᠶᠢᠪᠢᠰᠢ ᠦᠭᠡᠢ | ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠵᠠᠮ ᠤᠨ ᠴᠡᠷᠢᠭ ᠤᠨ ᠴᠡᠪᠡᠷ ᠬᠡᠮᠵᠢᠶ᠎ᠡ | ᠨᠡᠩ ᠥᠨᠳᠥᠷ᠂ ᠶᠠᠰᠤ ᠴᠢᠨᠠᠷ ᠨᠡᠩ ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ | ᠪᠠᠶᠢᠭᠤᠯᠤᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ︽ | ᠨᠢᠭᠡᠳᠦᠭᠡᠷ ᠵᠥᠪᠯᠡᠬᠦ ᠰᠡᠳᠦᠪ︾ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠠᠷᠠᠳᠴᠢᠯᠠᠯ ᠲᠥᠪᠯᠡᠷᠡᠯ ᠤᠨ | ᠶᠣᠰᠣᠨ ᠤ ᠵᠠᠷᠴᠢᠮ ᠢ ᠲᠤᠭᠤᠰᠢᠯᠠᠭᠤᠯᠵᠤ᠂ ᠴᠢᠬᠤᠯᠠ ᠶᠡᠭᠡ ᠵᠦᠢᠯᠡᠰ ᠤᠨ ᠲᠤᠬᠠᠢ ᠵᠢᠭᠠᠪᠤᠷᠢ ᠠᠪᠴᠤ ᠮᠡᠳᠡᠭᠦᠯᠬᠦ | ᠲᠦᠷᠢᠮ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠨᠠᠮ ᠪᠠ | ᠤᠯᠤᠰ ᠤᠨ ᠶᠡᠭᠡ ᠲᠠᠯ᠎ᠠ ᠳᠤ ᠲᠠᠯᠪᠢᠵᠤ ᠲᠥᠯᠥᠪᠵᠢᠭᠦᠯᠦᠨ ᠠᠬᠢᠭᠤᠯᠪᠠ᠃ ᠲᠤᠰᠬᠠᠢ ᠮᠡᠷᠭᠡᠵᠢᠯ ᠤᠨ | ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠤᠯᠤᠰ ᠲᠦᠷᠦ ᠶᠢᠨ ᠬᠥᠮᠦᠵᠢᠯ᠂ ᠨᠠᠮᠴᠢ ᠴᠢᠨᠠᠷ ᠤᠨ ᠬᠥᠮᠦᠵᠢᠯ ᠪᠠ ᠲᠤᠰᠬᠠᠢ | ᠮᠡᠷᠭᠡᠵᠢᠯ ᠤᠨ ᠪᠣᠯᠪᠠᠰᠤᠷᠠᠯ ᠢ ᠰᠢᠰᠲ᠋ᠧᠮ ᠲᠠᠢ ᠥᠷᠨᠢᠭᠦᠯᠦᠨ᠎ᠡ᠃ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ︽ᠬᠡᠰᠡᠭ ᠣᠷᠣᠨ︾ ᠤ | ᠬᠠᠮᠵᠢᠯᠴᠠᠬᠤ ᠲᠣᠭᠲᠠᠴᠠ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠬᠢᠨᠠᠯᠲᠠ ᠲᠠᠯᠪᠢᠬᠤ ᠶᠠᠰᠤ ᠴᠢᠨᠠᠷ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ | ᠵᠢᠷᠤᠮᠵᠢᠭᠤᠯᠤᠨ ᠬᠠᠤᠯᠢᠵᠢᠭᠤᠯᠬᠤ ᠵᠢᠩᠬᠢᠨᠢᠴᠢᠯᠡᠬᠦ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠥᠷᠨᠢᠭᠦᠯᠵᠦ᠂ | ᠺᠠᠳ᠋ᠷ ᠤᠨ ᠡᠩᠨᠡᠭᠡᠨ ᠤ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠶ ᠶᠢ ᠪᠣᠶ ᠪᠣᠯᠭᠠᠨ᠂ ᠲᠡᠮᠡᠴᠡᠯ ᠤᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠡ ᠪᠠᠨ ᠳᠤᠷ᠎ᠠ ᠪᠠᠷ ᠬᠡᠷᠡᠭᠯᠡᠬᠦ ᠦᠭᠡᠶ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠷᠢᠭᠤᠨ ᠴᠢᠬᠡᠴᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠺᠠᠳ᠋ᠷ ᠤᠨ ᠬᠥᠮᠦᠵᠢᠯ ᠬᠠᠮᠢᠶᠠᠷᠤᠯᠲᠠ ᠬᠢᠨᠠᠯᠲᠠ ᠶᠢᠨ ᠪᠢᠲᠡᠭᠦᠦ ᠴᠠᠭᠠᠷᠢᠭ ᠢ ᠪᠤᠢ ᠪᠣᠯᠭᠠᠵᠤ᠂ ᠰᠠᠬᠢᠯᠭ᠎ᠠ ᠪᠠᠲᠤ | ᠰᠠᠬᠢᠯᠭ᠎ᠠ ᠪᠠᠲᠤ ᠶᠢ ᠵᠥᠷᠢᠴᠡᠵᠦ᠂ ᠬᠠᠤᠯᠢ ᠶᠢ ᠮᠡᠳᠡᠵᠤ ᠬᠠᠤᠯᠢ ᠶᠢ ᠵᠥᠷᠢᠴᠡᠭᠰᠡᠨ᠂ ᠡᠷᠬᠡ ᠪᠠᠨ ᠠᠰᠢᠭᠯᠠᠨ ᠠᠮᠢ ᠪᠠᠨ | ᠪᠣᠷᠳᠣᠬᠤ ᠵᠡᠷᠭᠡ ᠦᠢᠯᠡ ᠠᠵᠢᠯᠯᠠᠭ᠎ᠠ ᠶᠢ ᠥᠴᠦᠬᠡᠨ ᠴᠦ ᠠᠭᠤᠴᠢᠯᠠᠬᠤ ᠦᠭᠡᠢ ᠪᠠᠶᠢᠵᠤ᠂ ᠲᠡᠮᠦᠷ ᠵᠠᠮ ᠤᠨ | ᠴᠡᠷᠢᠭ ᠤᠨ ᠴᠡᠪᠡᠷ ᠬᠡᠮᠵᠢᠶ᠎ᠡ ᠨᠡᠩ ᠥᠨᠳᠥᠷ᠂ ᠴᠢᠨᠠᠷ ᠰᠠᠶᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ᠪᠦᠬᠦᠳᠡ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ | ᠪᠣᠳᠠᠲᠠᠢ ᠠᠵᠢᠯᠯᠠᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠡᠭᠦᠷᠢᠳᠡ ᠴᠠᠯᠠᠭᠠᠶᠢᠷᠠᠬᠤ ᠦᠭᠡᠢ ᠤᠶᠤᠨ | ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠰᠢᠨ᠎ᠡ ᠠᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠬᠤᠤᠯᠢᠩᠭᠤᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠡᠩ ᠶᠡᠭᠡ ᠬᠤᠪᠢ | ᠨᠡᠮᠡᠷᠢ ᠦᠵᠡᠭᠦᠯᠬᠦ ᠬᠡᠷᠡᠭᠲᠡᠢ ᠭᠡᠵᠦ ᠤᠷᠢᠶᠠᠯᠠᠪᠠ᠃ |