ᠵᠢᠢ ᠬᠠᠢ ᠶᠠᠩ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠬᠦᠷᠢᠶᠡᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/2/24
    2 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠪᠦᠯᠬᠦᠮ ᠳᠠᠭᠠᠭᠤᠯᠤᠨ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠬᠦᠷᠢᠶᠡᠨ ᠤ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠸᠠᠩ ᠮᠢᠶᠣᠣ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠵᠢᠴᠢ ᠬᠡᠰᠡᠭ ᠰᠤᠷᠭᠠᠭᠤᠯᠢ ᠶᠢᠨ ᠤᠳᠤᠷᠢᠳᠬᠤ ᠪᠠᠭ ᠤᠨ ᠪᠦᠷᠢᠯᠳᠦᠬᠦᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠪᠠ᠃

   ᠵᠢᠢ ᠬᠠᠢ ᠶᠠᠩ ᠨᠠᠷ ᠤᠷᠢᠳ ᠬᠤᠵᠢᠳ ᠮᠣᠩᠭᠤᠯ ᠦᠨᠳᠦᠰᠦᠲᠡᠨ ᠤ ᠰᠤᠷᠭᠠᠭᠤᠯᠢ ᠪᠠ ᠲᠠᠪᠤᠳᠤᠭᠠᠷ ᠳᠤᠮᠳᠠᠳᠤ

ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠂ ᠰᠤᠷᠭᠠᠭᠤᠯᠢ ᠶᠢᠨ

ᠬᠦᠷᠢᠶᠡᠨ ᠤ ᠪᠦᠲᠦᠭᠡᠨ ᠪᠠᠶᠢᠭᠤᠯᠤᠯᠲᠠ᠂ ᠰᠤᠷᠭᠠᠭᠤᠯᠢ ᠶᠢᠨ ᠢᠷᠡᠭᠡᠳᠦᠶ ᠶᠢᠨ ᠬᠥᠭᠵᠢᠯᠲᠡ ᠶᠢᠨ ᠰᠡᠳᠬᠢᠴᠡ ᠵᠢᠴᠢ

ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠭᠦᠨᠵᠡᠭᠡᠶ ᠣᠶᠢᠯᠠᠭᠠᠭᠰᠠᠨ ᠪᠥᠭᠡᠳ ᠰᠤᠷᠭᠠᠭᠤᠯᠢ ᠶᠢᠨ

ᠣᠶᠢᠷ᠎ᠠ ᠶᠢᠨ ᠵᠢᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ᠂ ᠬᠢᠴᠢᠶᠡᠯ ᠤᠨ

ᠥᠭᠡᠷᠡᠴᠢᠯᠡᠯᠲᠡ ᠶᠢ ᠠᠬᠢᠭᠤᠯᠬᠤ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠬᠥᠮᠦᠵᠢᠯ ᠵᠡᠷᠭᠡ

ᠲᠠᠯ᠎ᠠ ᠪᠠᠷ ᠭᠠᠷᠭᠠᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠪᠠ᠃

   ᠵᠢᠢ ᠬᠠᠶ ᠶᠠᠩ ᠵᠢᠭᠠᠵᠤ ᠭᠠᠷᠭᠠᠭᠰᠠᠨ ᠨᠢ᠂ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ ᠮᠥᠨ᠂

ᠨᠠᠩ ᠴᠤ ᠠᠷᠠᠳ ᠣᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠡᠭᠡ ᠶᠠᠪᠤᠳᠠᠯ ᠮᠥᠨ᠂ ᠠᠵᠤ ᠠᠬᠤᠶ

ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠱᠠᠲᠤ ᠡᠯ᠎ᠡ

ᠰᠠᠯᠠᠭ᠎ᠠ ᠮᠥᠴᠢᠷ ᠤᠳ ᠰᠤᠷᠭᠠᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠭᠠᠨ

ᠬᠥᠮᠦᠵᠢᠯ ᠳᠠᠬᠢ ᠣᠷᠣᠭᠤᠯᠤᠯᠲᠠ ᠪᠠ ᠳᠡᠮᠵᠢᠯᠭᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠪᠥᠷ

ᠮᠣᠩᠭᠤᠯ ᠤᠨ ᠵᠡᠭᠦᠨ ᠬᠡᠰᠡᠭ ᠭᠠᠵᠠᠷ ᠣᠷᠣᠨ ᠴᠢᠨᠠᠭᠰᠢᠯᠠᠪᠠᠯ ᠵᠡᠭᠦᠨ ᠬᠤᠶᠢᠲᠤ ᠣᠷᠣᠨ ᠤ ᠰᠢᠶᠠᠨ ᠤ ᠬᠡᠪᠴᠢᠶᠡᠨ ᠤ

ᠰᠤᠷᠭᠠᠨ ᠬᠥᠮᠦᠵᠢᠯ ᠤᠨ ᠥᠨᠳᠦᠷᠯᠢᠭ ᠢ ᠪᠥᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠶ ᠬᠡᠪᠡ᠃

   ᠵᠢᠢ ᠬᠠᠶ ᠶᠠᠩ ᠴᠢᠬᠤᠯᠠᠴᠢᠯᠠᠭᠰᠠᠨ ᠨᠢ᠂ ᠡᠯ᠎ᠡ ᠰᠤᠷᠭᠠᠭᠤᠯᠢ ᠨᠤᠭᠤᠳ ︽ᠣᠷᠣᠭᠤᠯᠤᠨ ᠠᠪᠴᠢᠷᠠᠬᠤ︾ ᠪᠠ ︽

ᠭᠠᠳᠠᠭᠰᠢ ᠭᠠᠷᠬᠤ︾ ᠶᠢ ᠤᠶᠠᠯᠳᠤᠭᠤᠯᠬᠤ ᠶᠢ ᠪᠠᠷᠢᠮᠲᠠᠯᠠᠨ᠂ ᠨᠠᠷᠠᠲᠤ ᠪᠠᠭᠰᠢ ᠶᠢ ᠤᠷᠢᠵᠤ ᠮᠠᠨ ᠤ ᠬᠤᠲᠠ ᠳᠤ

ᠬᠠᠪᠰᠤᠷᠤᠨ ᠵᠢᠯᠣᠭᠤᠳᠬᠤ ᠶᠢᠨ ᠬᠠᠮᠲᠤ ᠵᠠᠯᠠᠭᠤ ᠪᠠᠭᠰᠢ᠂ ᠭᠤᠤᠯᠯᠠᠭᠴᠢ ᠪᠠᠭᠰᠢ ᠶᠢ ᠰᠤᠷᠭᠠᠨ ᠬᠥᠮᠦᠵᠢᠯ ᠤᠨ

ᠲᠡᠷᠢᠭᠦᠨ ᠤ ᠭᠠᠵᠠᠷ ᠣᠷᠣᠨ ᠳᠤ ᠣᠴᠢᠭᠤᠯᠤᠨ ᠭᠦᠨᠵᠡᠭᠡᠶ ᠪᠣᠯᠪᠠᠰᠤᠷᠠᠭᠤᠯᠤᠯ ᠬᠢᠯᠭᠡᠵᠦ᠂ ᠪᠠᠭᠰᠢ ᠶᠢᠨ ᠡᠩᠨᠡᠭᠡ ᠶᠢᠨ

ᠵᠢᠭᠠᠨ ᠰᠤᠷᠭᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠰᠤᠷᠭᠠᠭᠤᠯᠢ ᠶᠢᠨ

ᠬᠦᠷᠢᠶᠡᠨ ᠤ ᠰᠠᠭᠤᠷᠢ ᠲᠥᠬᠦᠭᠡᠷᠦᠮᠵᠢ ᠪᠠ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ

᠂ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠤᠨ ᠳᠡᠭᠡᠭᠰᠢᠯᠡᠭᠦᠯᠵᠦ᠂ ︽

ᠤᠶᠤᠨᠲᠤ ᠰᠤᠷᠭᠠᠭᠤᠯᠢ ᠶᠢᠨ ᠬᠦᠷᠢᠶ᠎ᠡ︾ ᠶᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃

ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ᠂ ᠰᠤᠷᠭᠠᠨ ᠬᠥᠮᠦᠵᠢᠯ ᠤᠨ

ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ

ᠨᠠᠩ ᠰᠢᠯᠢᠳᠡᠭᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠠᠩ ᠵᠦᠶ ᠵᠣᠬᠢᠰᠲᠠᠶ᠂ ᠰᠤᠷᠭᠠᠨ

ᠬᠥᠮᠦᠵᠢᠯ ᠤᠨ ᠬᠥᠭᠵᠢᠯᠲᠡ ᠶᠢ ᠨᠠᠩ ᠲᠡᠩᠴᠡᠭᠦᠷᠢᠲᠡᠶ᠂ ᠪᠠᠲᠤᠯᠠᠭ᠎ᠠ ᠶᠢᠨ ᠰᠢᠰᠲ᠋ᠧᠮ ᠢ ᠨᠠᠩ ᠲᠡᠭᠦᠯᠳᠡᠷᠵᠢᠭᠦᠯᠵᠦ᠂

ᠮᠠᠨ ᠤ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠵᠤ᠂

ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠬᠦ ᠬᠡᠷᠡᠭᠲᠡᠶ ᠬᠡᠵᠡᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号