2 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠪᠥᠬᠦ ᠬᠤᠲᠠ ᠶᠢᠨ ᠨᠢᠭᠡᠳᠦᠭᠡᠷ | ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠬᠤᠲᠠ ᠶᠢᠨ ᠤᠳᠤᠷᠢᠳᠤᠯᠭ᠎ᠠ ᠱᠠᠨ ᠯᠢᠶᠠᠨ ᠾᠧᠩ᠂ ᠵᠣᠣ ᠱᠢ ᠶᠢᠨ ᠵᠢᠴᠢ ᠬᠤᠤᠯᠢᠩᠭᠤᠤᠯ ᠤᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠬᠤᠲᠠ ᠶᠢᠨ ᠵᠠᠰᠠᠭ ᠤᠨ | ᠣᠷᠳᠣᠨ ᠤ ᠠᠯᠪᠠᠨ ᠬᠡᠷ ᠤᠨ ᠡᠷᠬᠢᠯᠡᠭᠴᠢ ᠰᠦᠨ ᠬᠤᠸᠠᠢ ᠵᠢᠶᠠᠩ᠂ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠶᠢᠨ ᠰᠢᠨᠵᠢᠯᠡᠬᠦ | ᠤᠬᠠᠭᠠᠨ ᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | | | | ᠬᠤᠷᠠᠯ ᠠᠴᠠ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾᠂ ᠭᠤᠣᠯᠳᠠᠯᠭ᠎ᠠ ᠲᠠᠢ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ᠂ ᠬᠡᠪᠴᠢᠶᠡᠵᠢᠭᠦᠯᠦᠭᠰᠡᠨ ᠠᠵᠤ ᠠᠬᠤᠶᠢᠯᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠠᠢ᠃ | ᠵᠢᠢ ᠬᠠᠶ ᠶᠠᠩ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ ᠨᠢᠭᠡᠴᠡ ᠬᠥᠭᠵᠢᠯᠲᠡ ᠶᠢ ᠲᠡᠷᠢᠭᠦᠨ | ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠡᠬᠢᠯᠡᠯᠲᠡ ᠶᠢ ᠳᠥᠯᠭᠢᠨ ᠠᠬᠢᠭᠤᠯᠬᠤ ᠶᠢ | ᠣᠳᠣᠬᠠᠨ ᠤ ᠠᠵᠤ ᠠᠬᠤᠶ ᠶᠢᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠠᠵᠢᠯ ᠤᠨ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠵᠦ᠂ ᠡᠷᠲᠡ ᠳᠣᠭᠢᠷᠠᠭᠤᠯᠤᠨ᠂ ᠡᠷᠲᠡ ᠪᠠᠶᠢᠷᠢᠯᠠᠭᠤᠯᠵᠤ᠂ ᠡᠷᠲᠡ | ᠡᠬᠢᠯᠡᠭᠦᠯᠵᠦ᠂ ᠡᠷᠲᠡ ᠨᠠᠶᠢᠳᠠᠪᠤᠷᠢᠵᠢᠭᠤᠯᠵᠤ᠂ ᠡᠷᠲᠡ ᠦᠷ᠎ᠡ ᠪᠦᠲᠦᠮᠵᠢ ᠣᠯᠵᠤ᠂ ᠠᠵᠤ ᠠᠬᠤᠶ ᠶᠢᠨ ᠲᠦᠷᠭᠡᠨ | ᠨᠡᠮᠡᠭᠳᠡᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠬᠤ ᠬᠡᠷᠡᠭᠲᠡᠶ ᠭᠡᠵᠡᠶ᠃ ︽ᠨᠢᠳᠦᠨ ᠡᠮᠦᠨᠡᠬᠢ ᠶᠢ ᠬᠢᠵᠦ᠂ | ᠠᠯᠤᠰ ᠬᠡᠲᠦ ᠶᠢ ᠪᠤᠳᠤᠯᠬᠢᠯᠠᠬᠤ︾᠂ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠣᠨᠣᠪᠴᠢᠲᠠᠶ | ᠡᠵᠡᠮᠳᠡᠵᠦ᠂ ᠴᠤᠩᠬᠤᠪᠴᠢ ᠶᠢᠨ ᠬᠤᠭᠤᠴᠠᠭ᠎ᠠ ᠶᠢ ᠠᠮᠵᠢᠨ ᠨᠢᠭᠡ ᠪᠦᠯᠦᠭ ᠦᠨ᠎ᠡ ᠴᠠᠨ᠎ᠠ ᠲᠠᠢ ᠲᠣᠮᠣ ᠲᠥᠷᠥᠯ | ᠵᠦᠢᠯ᠂ ᠰᠠᠶᠢᠨ ᠲᠥᠷᠥᠯ ᠵᠦᠢᠯ ᠢ ᠲᠥᠯᠥᠪᠵᠢᠭᠦᠯᠦᠨ ᠨᠥᠭᠡᠴᠡᠯᠡᠵᠦ᠂ ᠨᠢᠭᠡᠨᠲᠡ ᠪᠠᠶᠢᠭᠤᠯᠤᠭᠰᠠᠨ ᠲᠥᠷᠥᠯ | ᠵᠦᠢᠯ ᠤᠨ ᠡᠮᠦᠨᠡᠬᠢ ᠬᠤᠭᠤᠴᠠᠭ᠎ᠠ᠂ ᠠᠵᠢᠯ ᠡᠬᠢᠯᠡᠭᠦᠯᠬᠦ᠂ ᠠᠵᠢᠯ ᠢᠶᠠᠨ ᠰᠡᠷᠭᠦᠭᠡᠬᠦ ᠶᠢ ᠰᠠᠶᠢᠲᠤᠷ ᠠᠳᠬᠤᠵᠤ᠂ | ᠠᠵᠤ ᠠᠬᠤᠶᠢᠯᠠᠯ ᠤᠨ ᠠᠰᠢᠭᠯᠠᠯᠲᠠ ᠳᠤ ᠣᠷᠣᠬᠤ᠂ ᠦᠢᠯᠡᠳᠪᠦᠷᠢᠯᠡᠯ ᠢᠶᠠᠨ ᠰᠡᠷᠭᠦᠭᠡᠬᠦ᠂ ᠦᠢᠯᠡᠳᠪᠦᠷᠢᠯᠡᠯ ᠢᠶᠠᠨ | ᠪᠦᠷᠢᠳᠦᠭᠦᠯᠬᠦ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ | ᠣᠳᠣᠬᠠᠨ ᠤ ᠠᠵᠤ ᠠᠬᠤᠢ ᠶᠢᠨ ᠠᠵᠢᠯᠯᠠᠭᠠᠨ ᠤ ᠬᠠᠷᠠᠯᠲᠠ ᠪᠠ ᠡᠭᠦᠷᠭᠡ ᠶᠢ ᠦᠨᠳᠦᠰᠦᠯᠡᠨ᠂ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠢᠲᠡᠭᠡᠯ | ᠵᠣᠷᠢᠭ ᠢᠶᠠᠨ ᠪᠠᠲᠤᠳᠬᠠᠵᠤ᠂ ᠬᠦᠴᠢᠷ ᠢ ᠰᠥᠷᠦᠨ ᠤᠷᠤᠭᠰᠢᠯᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠ | ᠨᠡᠩ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ︽ᠰᠠᠶᠢᠨ | ᠡᠬᠢᠯᠡᠯᠲᠡ︾ ᠶᠢᠨ ᠬᠠᠷᠠᠯᠲᠠ ᠶᠢ ᠤᠷᠤᠭᠰᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃ |