ᠬᠤᠤᠯᠢᠩᠭᠤᠤᠯ ᠬᠤᠲᠠ 2025 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/24
    2 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠬᠤᠤᠯᠢᠩᠭᠤᠤᠯ ᠬᠤᠲᠠ 2025 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠳᠠᠶᠢᠴᠢᠯᠠᠯᠲᠠ ᠶᠢᠨ ᠬᠤᠷᠠᠯ ᠢ ᠬᠤᠷᠠᠯᠳᠤᠭᠤᠯᠵᠤ᠂ 2025 ᠣᠨ ᠤ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠤᠯᠳᠠᠯᠭ᠎ᠠ ᠲᠠᠢ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤ ᠶᠢ ᠳᠠᠶᠢᠴᠢᠯᠠᠨ ᠡᠬᠢᠯᠡᠯᠲᠡ ᠪᠠᠨ ᠲᠦᠷᠭᠡᠳᠬᠡᠵᠦ᠂ ᠬᠥᠭᠵᠢᠯᠲᠡ ᠶᠢᠨ ᠬᠠᠨᠳᠤᠰᠢ ᠪᠠᠨ ᠡᠬᠢᠯᠡᠭᠦᠯᠦᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠳᠠᠬᠢᠨ ᠰᠠᠶᠢᠵᠢᠷᠠᠯᠲᠠ ᠶᠢ ᠳᠠᠬᠢᠨ ᠲᠦᠷᠭᠡᠳᠬᠡᠵᠦ᠂ ᠳᠠᠬᠢᠨ ᠨᠢᠭᠡ ᠠᠵᠤ ᠦᠢᠯᠡᠳᠪᠦᠷᠢ ᠶᠢᠨ ᠬᠤᠤᠯᠢᠩᠭᠤᠤᠯ ᠢ ᠪᠠᠶᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠤᠯᠬᠤ ᠶᠤᠮ᠃

   ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ

ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂

ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠲᠣᠰ ᠲᠣᠰ ᠶᠠᠷᠢᠶ᠎ᠠ ᠲᠠᠯᠪᠢᠪᠠ᠃ ᠬᠤᠲᠠ ᠶᠢᠨ

ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂

ᠬᠤᠲᠠ ᠶᠢᠨ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠭᠠᠳᠠᠭᠰᠢ

ᠬᠤᠳᠠᠯᠳᠤᠭᠠᠴᠢᠨ ᠤᠷᠢᠬᠤ ᠭᠠᠵᠠᠷ᠂ ᠬᠤᠳᠠᠯᠳᠤᠭᠠᠴᠢᠨ ᠤᠷᠢᠬᠤ ᠰᠠᠯᠪᠤᠷᠢ ᠪᠠᠭ᠎ᠠ ᠠᠩᠭᠢ ᠶᠢᠨ ᠪᠥᠬᠦ ᠪᠦᠷᠢᠯᠳᠦᠬᠦᠨ

᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠤᠯᠤᠰ ᠲᠥᠷᠥ ᠶᠢᠨ ᠲᠤᠭ᠎ᠠ ᠶᠢᠨ ᠲᠣᠪᠴᠢᠶ᠎ᠠ᠂ ᠣᠷᠣᠨ

ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠤᠨ ᠪᠥᠬᠦ

ᠪᠠᠭ ᠤᠨ ᠪᠦᠷᠢᠯᠳᠦᠬᠦᠨ ᠪᠠ ᠪᠥᠬᠦ ᠬᠤᠲᠠ ᠶᠢᠨ ᠭᠤᠤᠯᠳᠠᠯᠭ᠎ᠠ ᠲᠠᠢ ᠠᠵᠤ ᠠᠬᠤᠶᠢᠯᠠᠯ ᠪᠠ ᠬᠤᠲᠠ ᠳᠤ ᠰᠠᠭᠤᠭ᠎ᠠ

ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠡᠶᠢᠲᠡ 200 ᠭᠠᠷᠤᠶ ᠬᠥᠮᠦᠨ ᠬᠤᠷᠠᠯ ᠳᠤ

ᠣᠷᠣᠯᠴᠠᠪᠠ᠃ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ

ᠴᠠᠭᠠᠵᠠ ᠶᠢᠨ ᠬᠤᠷᠢᠶᠠᠨ ᠤ ᠱᠦᠵᠢ ᠵᠧᠤ ᠬᠠᠶ ᠮᠢᠨ ᠡᠷᠭᠢᠯᠡᠪᠡ᠃

   ᠭᠤᠤ ᠵᠢᠢ ᠶᠧ᠂ ᠪᠦᠬᠦ ᠬᠤᠳᠠ ᠪᠠᠷ ᠢᠶᠠᠨ ︽ᠠᠷᠠᠯᠵᠢᠶᠠᠴᠢᠨ ᠤᠷᠢᠬᠤ ᠶᠢ ᠠᠳᠬᠤᠬᠤ᠂ ᠲᠦᠷᠦᠯ ᠵᠦᠢᠯ ᠢ

ᠲᠣᠭᠲᠠᠭᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠨ

ᠳᠠᠶᠢᠴᠢᠯᠠᠬᠤ ᠶᠢ ᠴᠢᠩᠭᠠᠳᠬᠠᠵᠤ᠂ ᠲᠤᠬᠢᠷᠠᠭᠤᠯᠭ᠎ᠠ ᠶᠢᠨ ᠲᠣᠭᠲᠠᠴᠠ ᠶᠢ ᠰᠢᠯᠢᠳᠡᠭᠵᠢᠭᠦᠯᠵᠦ᠂ ᠰᠢᠯᠭᠠᠨ ᠦᠨᠡᠯᠡᠵᠦ

ᠬᠢᠨᠠᠨ ᠵᠢᠯᠣᠭᠤᠳᠬᠤ ᠶᠢ ᠴᠢᠩᠳᠠᠯᠠᠵᠤ᠂ ᠬᠦᠴᠦ ᠪᠠᠨ ᠲᠥᠪᠯᠡᠷᠡᠭᠦᠯᠦᠨ ᠰᠢᠨ᠎ᠡ ᠨᠢᠭᠡ ᠵᠢᠯ ᠤᠨ ᠠᠷᠠᠯᠵᠢᠶᠠᠴᠢᠨ

ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ

ᠢᠯᠡᠳᠲᠡ ᠳᠡᠭᠡᠭᠰᠢᠯᠡᠭᠦᠯᠵᠦ᠂ ᠨᠡᠩ ᠶᠡᠭᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ

ᠭᠠᠷᠭᠠᠪᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠶᠠᠭᠠᠬᠢᠭᠰᠠᠨ

ᠴᠤ ᠰᠤᠯᠠᠷᠠᠭᠤᠯᠬᠤ ᠦᠭᠡᠢ ᠪᠠᠶᠢᠵᠤ᠂ ᠠᠵᠢᠯ ᠤᠨ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠤ

ᠣᠷᠣᠭᠤᠯᠤᠯᠲᠠ ᠪᠠᠨ ᠨᠡᠮᠡᠭᠳᠡᠭᠦᠯᠬᠦ ᠬᠡᠷᠡᠭᠲᠡᠢ︔ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠵᠤ᠂ ᠭᠤᠣᠯ

ᠰᠢᠪᠲᠤᠯᠬᠤ ᠴᠢᠭᠯᠡᠯ ᠢᠶᠠᠨ ᠲᠣᠳᠣᠷᠬᠠᠶᠢᠯᠠᠬᠤ ᠬᠡᠷᠡᠭᠲᠡᠢ︔ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂

ᠥᠷᠢᠰᠦᠯᠳᠦᠬᠦ ᠴᠢᠳᠠᠪᠤᠷᠢ ᠪᠠᠨ ᠳᠡᠭᠡᠭᠰᠢᠯᠡᠭᠦᠯᠵᠦ᠂ ᠮᠠᠨ ᠤ ᠬᠤᠲᠠ ᠶᠢᠨ ᠠᠷᠠᠯᠵᠢᠶᠠᠴᠢᠨ ᠤᠷᠢᠵᠤ ᠪᠡᠯᠡ

ᠣᠷᠣᠭᠤᠯᠬᠤ ᠠᠵᠢᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠬᠤᠳᠠᠯᠳᠤᠭ᠎ᠠ ᠡᠵᠡᠩᠨᠡᠬᠦ

ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ︽ᠥᠪᠡᠷ ᠤᠨ ᠪᠡᠶ᠎ᠡ ᠳᠡᠭᠡᠨ ᠲᠠᠰᠤᠷᠠᠯᠲᠠ ᠦᠭᠡᠢ ᠳᠠᠷᠤᠯᠲᠠ

ᠥᠭᠴᠦ︾᠂ ᠬᠠᠤᠯᠢ ᠬᠡᠷᠡᠭᠵᠢᠭᠦᠯᠦᠯᠲᠡ ᠶᠢ ᠰᠢᠯᠢᠳᠡᠭᠵᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ

ᠳᠡᠭᠡᠭᠰᠢᠯᠡᠭᠦᠯᠬᠦ᠂ ᠠᠵᠢᠯ ᠶᠠᠪᠤᠳᠠᠯ ᠭᠦᠢᠴᠡᠳᠭᠡᠬᠦ ᠳᠤ ᠳᠥᠭᠦᠮ᠂ ᠦᠢᠯᠡᠴᠢᠯᠡᠭᠡᠨ ᠤ ᠠᠵᠤ ᠦᠢᠯᠡᠰ ᠤᠨ ᠬᠥᠭᠵᠢᠯᠲᠡ

ᠵᠡᠷᠭᠡ ᠲᠠᠯ᠎ᠠ ᠶᠢᠨ ᠲᠣᠭᠤᠷᠢᠨ ᠳᠤ ᠦᠨᠡᠯᠡᠨ ᠵᠢᠱᠢᠵᠦ ᠬᠢᠨᠠᠨ ᠰᠢᠯᠭᠠᠬᠤ ᠲᠣᠭᠲᠠᠴᠠ ᠶᠢ ᠲᠠᠰᠤᠷᠠᠯᠲᠠ ᠦᠭᠡᠢ

ᠰᠢᠯᠢᠳᠡᠭᠵᠢᠭᠦᠯᠵᠦ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠰᠢᠨ᠎ᠡ ᠠᠰᠠᠭᠤᠳᠠᠯ᠂ ᠬᠠᠭᠤᠴᠢᠨ

ᠬᠡᠮ ᠰᠣᠭᠤᠭ ᠢ ᠡᠷᠡᠰ ᠴᠡᠭᠴᠡᠯᠡᠨ ᠵᠠᠰᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠷᠲᠡᠮᠵᠢ ᠶᠢᠨ

ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠵᠠᠢ᠃

   ᠭᠤᠤ ᠵᠢᠢ ᠶᠧ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠣᠯ ᠠᠵᠤ ᠠᠬᠤᠢ ᠶᠢᠨ ᠬᠥᠭᠵᠢᠯᠲᠡ ᠶᠢᠨ ︽

ᠡᠬᠢ ᠪᠤᠯᠠᠭ︾ ᠮᠥᠨ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠣᠯ ᠪᠡᠯᠡ ᠣᠷᠣᠭᠤᠯᠵᠤ

ᠦᠢᠯᠡᠰ ᠪᠤᠰᠬᠠᠬᠤ ᠶᠢᠨ ︽ᠥᠷᠭᠡᠨ ᠠᠭᠤᠳᠠᠮ ᠦᠩ ᠰᠢᠮᠡᠯᠢᠭ ᠬᠥᠷᠥᠰᠥ︾ ᠮᠥᠨ᠂ ᠶᠠᠰᠤ ᠴᠢᠨᠠᠷ ᠪᠣᠯᠤᠨ ᠠᠮᠤᠷ

ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠪᠦᠬᠦ ᠬᠤᠳᠠ ᠪᠠᠷ ᠢᠶᠠᠨ ᠡᠷᠴᠢᠯᠡᠭᠦᠷ ᠢᠶᠠᠨ ᠴᠢᠩᠭᠠᠯᠠᠵᠤ᠂ ᠡᠷᠴᠢ

ᠵᠣᠷᠢᠭ ᠢᠶᠠᠨ ᠬᠥᠪᠴᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ

ᠠᠬᠢᠭᠤᠯᠵᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ ᠲᠦᠷᠭᠡᠳᠬᠡᠵᠦ᠂ ᠪᠦᠬᠦ ᠵᠢᠯ ᠤᠨ ᠡᠯ᠎ᠡ

ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠬᠤᠤᠯᠢᠩᠭᠤᠤᠯ ᠢ ᠦᠨᠡᠨᠬᠦ ᠥᠷᠭᠡᠨ ᠤᠯᠠᠨ ᠠᠵᠤ

ᠠᠬᠤᠶᠢᠯᠠᠯᠲᠠᠨ ᠤ ᠪᠡᠯᠡ ᠣᠷᠣᠭᠤᠯᠵᠤ ᠦᠢᠯᠡᠰ ᠪᠤᠰᠬᠠᠬᠤ ᠬᠠᠯᠠᠭᠤᠨ ᠬᠥᠷᠥᠰᠥ ᠪᠣᠯᠤᠨ ᠰᠢᠨ᠎ᠡ ᠶᠢ ᠡᠭᠦᠳᠴᠦ

ᠦᠢᠯᠡᠰ ᠪᠤᠰᠬᠠᠬᠤ ᠦᠩ ᠰᠢᠮᠡᠯᠢᠭ ᠬᠥᠷᠥᠰᠥ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ

ᠬᠤᠤᠯᠢᠩᠭᠤᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃

   ᠵᠢᠢ ᠬᠠᠢ ᠶᠠᠩ ᠱᠠᠭᠠᠷᠳᠠᠭᠰᠠᠨ ᠨᠢ᠂ ᠬᠠᠷᠠᠯᠲᠠ ᠪᠠᠨ ᠲᠣᠭᠲᠠᠭᠠᠵᠤ᠂ ᠡᠷᠴᠢ ᠵᠣᠷᠢᠭ ᠢᠶᠠᠨ ᠭᠦᠢᠴᠡᠳ

ᠪᠠᠳᠠᠷᠠᠭᠤᠯᠵᠤ᠂ ᠬᠤᠳᠠᠯᠳᠤᠭᠠᠴᠢᠨ ᠤᠷᠢᠬᠤ ᠠᠷᠭ᠎ᠠ ᠬᠡᠮᠵᠢᠶ᠎ᠡ ᠪᠠᠨ ᠴᠢᠩᠭᠠᠳᠬᠠᠬᠤ᠂ ᠨᠠᠶᠢᠳᠠᠪᠤᠷᠢᠵᠢᠭᠤᠯᠤᠯᠲᠠ ᠶᠢᠨ

ᠪᠣᠳᠠᠲᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ᠂ ᠪᠡᠯᠡ ᠮᠥᠩᠭᠦ ᠤᠯᠬᠤ ᠡᠷᠴᠢᠮ ᠢᠶᠠᠨ ᠴᠢᠩᠭᠠᠷᠠᠭᠤᠯᠬᠤ ᠵᠡᠷᠭᠡ

ᠲᠠᠯ᠎ᠠ ᠪᠠᠷ ᠭᠦᠢᠴᠡᠳ ᠬᠦᠴᠦ ᠣᠷᠣᠭᠤᠯᠵᠤ᠂ ᠪᠡᠯᠡ ᠣᠷᠣᠭᠤᠯᠤᠯᠲᠠ ᠶᠢ ᠥᠷᠭᠡᠳᠬᠡᠬᠦ᠂ ᠠᠵᠤ ᠦᠢᠯᠡᠰ ᠢ

ᠪᠤᠶᠢᠵᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ ᠳᠤ ᠨᠥᠭᠡᠴᠡ ᠬᠦᠴᠦᠨ ᠢ ᠬᠤᠷᠠᠮᠳᠤᠭᠤᠯᠬᠤ ᠬᠡᠷᠡᠭᠲᠡᠢ᠃ ︽

ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠣᠯ ᠳᠠᠷᠤᠶ ᠦᠢᠯᠡᠳᠪᠦᠷᠢᠯᠡᠯ ᠤᠨ ᠬᠦᠴᠦᠨ ᠮᠥᠨ︾ ᠭᠡᠬᠦ

ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠥᠨᠳᠥᠷ ᠪᠦᠲᠦᠮᠵᠢᠲᠡᠶ ᠲᠦᠷᠭᠡᠨ ᠵᠠᠰᠠᠭ ᠤᠨ ᠶᠠᠪᠤᠳᠠᠯ ᠤᠨ

ᠣᠷᠴᠢᠨ ᠨᠥᠬᠦᠴᠡᠯ ᠢ ᠪᠣᠶ ᠪᠣᠯᠭᠠᠵᠤ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ

ᠨᠥᠬᠦᠴᠡᠯ ᠢ ᠪᠣᠶ ᠪᠣᠯᠭᠠᠵᠤ᠂ ᠬᠠᠤᠯᠢ ᠶᠣᠰᠣᠭᠠᠷ ᠦᠨᠡᠨᠴᠢ ᠢᠲᠡᠭᠡᠮᠵᠢᠲᠡᠶ ᠬᠠᠤᠯᠢ ᠪᠠᠷ ᠵᠠᠰᠠᠬᠤ ᠣᠷᠴᠢᠨ

ᠨᠥᠬᠦᠴᠡᠯ ᠢ ᠪᠣᠶ ᠪᠣᠯᠭᠠᠵᠤ᠂ ᠪᠠᠲᠤᠯᠠᠭ᠎ᠠ ᠶᠢᠨ ᠬᠦᠴᠦᠲᠡᠶ ᠡᠯᠧᠮᠧᠨ᠋ᠲ ᠤᠨ ᠣᠷᠴᠢᠨ ᠨᠥᠬᠦᠴᠡᠯ ᠢ ᠪᠥᠲᠥᠭᠡᠨ

ᠪᠠᠶᠢᠭᠤᠯᠵᠤ᠂ ᠨᠠᠩ ᠶᠡᠭᠡ ᠡᠷᠡᠰ ᠵᠣᠷᠢᠭ᠂ ᠨᠠᠩ ᠴᠢᠩᠭ᠎ᠠ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠠᠵᠤ

ᠠᠬᠤᠶᠢᠯᠠᠯ ᠤᠨ ᠰᠠᠨᠠᠭ᠎ᠠ ᠠᠮᠤᠷ ᠪᠠᠯᠠ ᠣᠷᠣᠭᠤᠯᠬᠤ᠂ ᠰᠠᠨᠠᠭ᠎ᠠ ᠠᠮᠤᠷ ᠡᠵᠡᠩᠨᠡᠬᠦ᠂ ᠲᠠᠭᠠᠯᠠᠮᠵᠢᠲᠠᠶ ᠬᠥᠭᠵᠢᠭᠦᠯᠬᠦ

ᠰᠠᠶᠢᠨ ᠰᠠᠶᠢᠬᠠᠨ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠬᠤ ᠬᠡᠷᠡᠭᠲᠡᠶ ᠭᠡᠪᠡ᠃

   ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ

ᠳᠡᠳ᠋ ᠬᠤᠲᠠ ᠶᠢᠨ ᠳᠠᠷᠤᠭ᠎ᠠ᠂ ᠬᠤᠤᠯᠢᠩᠭᠤᠤᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ

ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ

ᠡᠷᠬᠢᠯᠡᠭᠴᠢ ᠱᠠᠨ ᠯᠢᠶᠠᠨ ᠾᠧᠩ 202 ᠨᠡᠷᠡᠰ ᠵᠠᠷᠯᠠᠨ ᠮᠡᠳᠡᠭᠳᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号