ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/28
    ᠲᠦᠩᠯᠢᠶᠣᠤ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ 2 ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠷᠠᠯ ᠨᠢ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠬᠦᠷᠦᠯᠴᠡᠬᠦ ᠦᠭᠡᠢ ᠲᠠᠯ᠎ᠠ ᠪᠠᠨ ᠭᠦᠨᠵᠡᠭᠡᠢ ᠪᠠᠶᠢᠴᠠᠭᠠᠵᠤ᠂ ᠨᠠᠮᠴᠢ ᠴᠢᠨᠠᠷ ᠤᠨ ᠵᠠᠳᠠᠯᠤᠯᠲᠠ ᠶᠢ ᠨᠠᠷᠢᠨ ᠬᠢᠨᠠᠮᠠᠭᠠᠢ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠥᠷᠨᠢᠭᠦᠯᠪᠡ᠃ ᠲᠦᠩᠯᠢᠶᠣᠤ ᠬᠤᠳᠠ ᠶᠢᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠢᠦᠢ ᠬᠠᠢ ᠼᠠᠢ᠂ ᠲᠦᠩᠯᠢᠶᠣᠤ ᠬᠤᠳᠠ ᠶᠢᠨ ᠨᠠᠮ ᠤᠨ ᠬᠤᠷᠢᠶ᠎ᠠ ᠶᠢᠨ ᠭᠤᠷᠪᠠᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠴᠦᠨ ᠮᠧᠢ᠂ ᠵᠢᠶᠠᠩ ᠲᠤᠤ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃

   ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠨᠡ ᠤᠳᠠᠭᠠᠨ ᠤ ᠠᠷᠠᠳᠴᠢᠯᠠᠯ ᠤᠨ

ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠬᠤᠷᠠᠯ ᠠᠴᠠ

ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠰᠤᠷᠤᠯᠴᠠᠨ

ᠰᠤᠳᠤᠯᠤᠨ ᠶᠠᠷᠢᠯᠴᠠᠬᠤ ᠠᠵᠢᠯ ᠢ ᠭᠦᠨᠵᠡᠭᠡᠶ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂

ᠰᠡᠳᠬᠢᠯ ᠤᠨ ᠦᠭᠡ ᠪᠠᠨ ᠶᠠᠷᠢᠯᠴᠠᠵᠤ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠨᠢᠮᠪᠠᠶ ᠪᠢᠴᠢᠵᠦ᠂

ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃

   ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠭᠤᠤᠯ

ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ

ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ

ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠭᠤᠤ ᠵᠢᠢ ᠶᠧ ᠬᠤᠲᠠ ᠶᠢᠨ ᠨᠠᠮ ᠤᠨ

ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ

ᠬᠠᠮᠲᠤ ᠲᠦᠷᠦᠭᠦᠯᠡᠨ ᠬᠤᠪᠢ ᠬᠥᠮᠥᠨ ᠤ ᠬᠠᠷᠢᠴᠠᠭᠤᠯᠤᠨ ᠪᠠᠶᠢᠴᠠᠭᠠᠵᠤ᠂ ᠪᠤᠰᠤᠳ ᠪᠠᠶᠢᠩᠭᠤ ᠶᠢᠨ ᠭᠡᠰᠢᠭᠦᠳ ᠲᠡᠰ

ᠳᠠᠷᠠᠭᠠᠯᠠᠨ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠲᠠᠯᠪᠢᠪᠠ᠃ ᠪᠠᠶᠢᠩᠭᠤ ᠶᠢᠨ ᠭᠡᠰᠢᠭᠦᠨ ᠨᠢᠭᠡᠪᠦᠷᠢ ᠶᠠᠷᠢᠶ᠎ᠠ

ᠲᠠᠯᠪᠢᠭᠰᠠᠨ ᠤ ᠲᠠᠷᠠᠭ᠎ᠠ᠂ ᠪᠤᠰᠤᠳ ᠪᠠᠶᠢᠩᠭᠤ ᠶᠢᠨ ᠭᠡᠰᠢᠭᠦᠳ ᠲᠤᠰ ᠨᠥᠬᠦᠳ ᠲᠤ ᠰᠢᠭᠦᠮᠵᠢᠯᠡᠯ ᠰᠠᠨᠠᠯ ᠳᠤᠷᠠᠳᠴᠤ

᠂ ᠰᠢᠭᠦᠮᠵᠢᠯᠡᠯ ᠢ ᠬᠦᠯᠢᠶᠡᠭᠰᠡᠨ ᠪᠠᠶᠢᠩᠭᠤ ᠶᠢᠨ ᠬᠤᠷᠢᠶᠠᠨ ᠤ ᠨᠥᠬᠦᠳ ᠣᠪᠣᠷ ᠢᠶᠠᠨ ᠢᠯᠡᠳᠬᠡᠬᠦ ᠦᠭᠡ ᠬᠡᠯᠡᠪᠡ᠃

   ᠭᠤᠤ ᠵᠢᠢ ᠶᠧ ᠳ᠋ᠦᠩᠨᠡᠯᠲᠡ ᠶᠢᠨ ᠶᠠᠷᠢᠶᠠᠨ ᠳᠠᠭᠠᠨ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ

ᠬᠤᠷᠠᠯ ᠳᠤ ᠤᠯᠠᠨ ᠢᠶᠠᠷ ᠢᠶᠠᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠰᠢᠭᠦᠮᠵᠢᠯᠡᠯ ᠪᠠ ᠥᠪᠡᠷ ᠤᠨ

ᠰᠢᠭᠦᠮᠵᠢᠯᠡᠯ ᠢ ᠭᠦᠨᠵᠡᠭᠡᠢ ᠥᠷᠨᠢᠭᠦᠯᠵᠦ᠂ ᠦᠵᠡᠯ ᠰᠠᠨᠠᠭ᠎ᠠ ᠪᠠᠨ ᠦᠨᠡᠨᠴᠢ ᠪᠠᠷ ᠰᠣᠯᠢᠯᠴᠠᠵᠤ᠂ ᠨᠢᠭᠤᠷ ᠤᠯᠠᠶᠢᠯᠭᠠᠨ

ᠬᠥᠯᠥᠰᠥ ᠭᠠᠷᠭᠠᠬᠤ᠂ ᠬᠤᠣᠷ ᠲᠠᠲᠠᠷᠠᠭᠤᠯᠤᠨ ᠡᠪᠡᠳᠴᠢᠨ ᠢ ᠵᠠᠰᠠᠬᠤ᠂ ᠪᠦᠯᠬᠦᠮᠳᠡᠯ ᠢ ᠴᠢᠩᠭᠠᠳᠬᠠᠬᠤ᠂ ᠠᠵᠢᠯ ᠢ

ᠠᠬᠢᠭᠤᠯᠬᠤ ᠦᠷ᠎ᠡ ᠪᠦᠲᠦᠮᠵᠢ ᠳᠤ ᠬᠦᠷᠴᠦ᠂ ᠪᠠᠭ ᠤᠨ ᠪᠦᠷᠢᠯᠳᠦᠬᠦᠨ ᠨᠡᠷ ᠲᠤᠰ ᠪᠡᠶ᠎ᠡ ᠶᠢᠨ ᠠᠰᠠᠭᠤᠳᠠᠯ ᠲᠠᠢ ᠪᠠᠨ

ᠭᠦᠢᠴᠡᠳ ᠤᠶᠠᠯᠳᠤᠭᠤᠯᠵᠤ᠂ ᠨᠢᠭᠡᠳ ᠨᠢᠭᠡ ᠪᠠᠷ ᠵᠠᠳᠠᠯᠤᠨ ᠡᠮᠬᠢᠯᠡᠵᠦ᠂ ᠬᠠᠷᠢᠭᠤᠴᠠᠯᠭ᠎ᠠ ᠶᠢ

ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠨᠠᠷᠢᠨ ᠵᠦᠢᠯᠡᠰ ᠢ ᠰᠠᠶᠢᠲᠤᠷ

ᠠᠳᠬᠤᠬᠤ ᠬᠡᠷᠡᠭᠲᠡᠢ᠃ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠲᠤᠪᠤᠶᠢᠯᠭᠠᠵᠦ᠂ ᠨᠠᠮ ᠤᠨ ᠤᠯᠤᠰ

ᠲᠦᠷᠦ ᠶᠢᠨ ᠪᠠᠶᠢᠭᠤᠯᠤᠯᠲᠠ ᠪᠠᠷ ᠤᠳᠤᠷᠢᠳᠬᠤ ᠪᠠᠭ ᠤᠨ ᠪᠠᠶᠢᠭᠤᠯᠤᠯᠲᠠ ᠶᠢ ᠶᠡᠷᠦᠩᠬᠡᠶᠢᠯᠡᠨ ᠵᠢᠯᠣᠭᠤᠳᠬᠤ ᠶᠢ

ᠪᠠᠷᠢᠮᠲᠠᠯᠠᠵᠤ᠂ ᠨᠠᠮᠴᠢ ᠴᠢᠨᠠᠷ ᠤᠨ ᠬᠥᠮᠦᠵᠢᠯ ᠢ ᠭᠦᠨᠵᠡᠭᠡᠶᠢᠷᠡᠭᠦᠯᠵᠦ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ

᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠨᠠᠮᠴᠢ

ᠴᠢᠨᠠᠷ ᠢ ᠴᠥᠬᠦᠷᠡᠰᠢ ᠦᠭᠡᠢ ᠪᠣᠯᠪᠠᠰᠤᠷᠠᠭᠤᠯᠵᠤ᠂ ᠤᠬᠠᠮᠰᠠᠷ ᠠᠴᠠ ᠪᠠᠨ ᠨᠠᠮ ᠳᠠᠭᠠᠨ ᠦᠨᠡᠨᠴᠢ ᠰᠢᠳᠤᠷᠭᠤ᠂

ᠨᠠᠮ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠬᠠᠷᠢᠴᠠᠯᠠᠰᠢᠭᠦᠢ

ᠦᠨᠡᠨᠴᠢ ᠰᠢᠳᠤᠷᠭᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠭᠤᠣᠯ ᠡᠭᠦᠷᠭᠡ ᠳᠤ

ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ

ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠬᠤᠶᠠᠷ ᠶᠡᠭᠡ ᠶᠠᠪᠤᠳᠠᠯ ᠢ

ᠨᠠᠷᠢᠨ ᠬᠢᠨᠠᠮᠠᠭᠠᠢ ᠰᠠᠶᠢᠲᠤᠷ ᠬᠢᠵᠦ᠂ ᠡᠭᠦᠷᠭᠡ ᠶᠢᠨ ᠨᠠᠷᠢᠨ ᠳᠠᠩᠰᠠ ᠶᠢ ᠴᠢᠩᠭ᠎ᠠ ᠠᠩᠬᠠᠷᠴᠤ᠂ ᠠᠷᠭ᠎ᠠ ᠬᠡᠮᠵᠢᠶ᠎ᠡ ᠪᠠᠨ

ᠨᠠᠷᠢᠨ ᠨᠢᠮᠪᠠᠢ ᠨᠠᠷᠢᠯᠢᠬᠵᠢᠭᠤᠯᠵᠤ᠂ ᠠᠷᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ︽

ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ

ᠪᠠᠶᠢᠭᠤᠯᠤᠨ ᠥᠷᠨᠢᠭᠦᠯᠵᠦ᠂ ︽ᠳᠤᠮᠳᠠᠳᠤ ᠤᠯᠤᠰ · ᠪᠣᠬᠢᠷᠲᠤᠯ ᠦᠭᠡᠢ ᠴᠠᠬᠢᠯᠭᠠᠨ ᠬᠦᠩᠭᠡᠨᠴᠠᠭᠠᠨ ᠤ ᠬᠤᠳᠠ︾

 ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠦᠬᠦ

ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠵᠤ᠂ ᠨᠠᠮ ᠤᠨ

ᠤᠳᠤᠷᠢᠳᠤᠯᠭ᠎ᠠ᠂ ᠨᠠᠮ ᠢ ᠬᠠᠮᠢᠶᠠᠷᠴᠤ ᠨᠠᠮ ᠢ ᠵᠠᠰᠠᠬᠤ ᠡᠯ᠎ᠡ ᠵᠦᠢᠯ ᠤᠨ ᠠᠵᠢᠯ ᠢ ᠪᠣᠳᠠᠲᠠᠢ ᠳᠤ

ᠨᠠᠶᠢᠳᠠᠪᠤᠷᠢᠵᠢᠭᠤᠯᠵᠤ᠂ ᠦᠵᠡᠯ ᠰᠠᠨᠠᠭᠠᠨ ᠤ ᠬᠥᠮᠦᠵᠢᠯ ᠢ ᠰᠠᠶᠢᠲᠤᠷ ᠠᠳᠬᠤᠵᠤ᠂ ᠨᠠᠮ ᠤᠨ ᠰᠢᠨ᠎ᠡ ᠶᠢ ᠡᠭᠦᠳᠬᠦ

ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠠᠬᠢᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠬᠦ

ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠦᠨᠡᠨᠬᠦ ᠬᠠᠮᠢᠶᠠᠷᠤᠨ ᠴᠢᠩᠭ᠎ᠠ ᠬᠠᠮᠢᠶᠠᠷᠴᠤ᠂ ᠤᠨᠢᠨ ᠳᠡᠭᠡᠷ᠎ᠡ ᠨᠢ

ᠬᠦᠴᠦᠯᠡᠵᠦ᠂ ᠢᠯᠵᠢᠷᠡᠯ ᠢ ᠵᠠᠯᠬᠠᠭᠠᠨ ᠰᠢᠳᠬᠡᠬᠦ ᠰᠦᠷ ᠬᠦᠴᠦᠲᠦ ᠪᠠᠶᠢᠳᠠᠯ ᠢ ᠪᠠᠲᠤᠯᠠᠵᠤ᠂ ᠨᠠᠮ ᠢ ᠬᠠᠮᠢᠶᠠᠷᠴᠤ

ᠨᠠᠮ ᠢ ᠵᠠᠰᠠᠬᠤ ᠶᠢᠨ ᠣᠨᠣᠪᠴᠢᠲᠤ ᠴᠢᠨᠠᠷ᠂ ᠪᠣᠳᠠᠲᠤ ᠦᠷ᠎ᠡ ᠪᠦᠳᠦᠮᠵᠢᠳᠦ ᠴᠢᠨᠠᠷ ᠢ ᠳᠡᠭᠡᠭᠰᠢᠯᠡᠭᠦᠯᠵᠦ᠂ ᠰᠤᠷᠲᠠᠯ

ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠬᠡᠵᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号