2 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ | ᠰᠤᠷᠤᠯᠴᠠᠬᠤ ᠭᠤᠣᠯ ᠳᠤᠭᠤᠶᠢᠯᠠᠩ 2025 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ | ᠥᠷᠭᠡᠳᠬᠡᠭᠰᠡᠨ︶ ᠶᠢᠨ ᠬᠤᠷᠠᠯ ᠵᠢᠴᠢ ᠵᠣᠬᠢᠶᠠᠮᠠᠯ ᠤᠶᠤᠨ ᠴᠢᠳᠠᠪᠤᠷᠢ ᠶᠢᠨ ᠲᠤᠰᠬᠠᠢ ᠰᠡᠳᠦᠪᠲᠦ ᠲᠠᠶᠢᠯᠤᠮᠵᠢ | ᠬᠤᠷᠠᠯᠳᠤᠵᠤ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ | ᠂ ᠬᠤᠳᠠ ᠶᠢᠨ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠵᠢᠴᠢ ᠬᠤᠳᠠ ᠳᠤ ᠰᠠᠭᠤᠭ᠎ᠠ ᠬᠡᠰᠡᠭ ᠨᠢᠭᠡᠴᠡ ᠶᠢᠨ ᠭᠤᠣᠯ | ᠬᠠᠷᠢᠭᠤᠴᠠᠯᠭᠠᠲᠠᠨ ᠨᠡᠶᠢᠳᠡ 120 ᠭᠠᠷᠤᠢ ᠬᠥᠮᠦᠨ ᠬᠤᠷᠠᠯ ᠳᠤ ᠣᠷᠣᠯᠴᠠᠪᠠ᠃ | | | | | ᠬᠤᠷᠠᠯ ᠠᠴᠠ ᠭᠤᠸᠠᠩ ᠯᠢᠶᠠᠨ ᠳ᠋ᠠ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠶᠢᠨ ᠦᠢᠯᠡᠳᠬᠦᠨ ᠤ ᠶᠡᠷᠦᠩᠬᠡᠢ ᠬᠢᠨᠠᠭᠴᠢ ᠯᠢᠦᠶ ᠯᠦᠩ ᠢ ᠤᠷᠢᠵᠤ ᠲᠤᠰᠬᠠᠢ ᠰᠡᠳᠦᠪ ᠢᠶᠠᠷ | ᠬᠢᠴᠢᠶᠡᠯᠯᠡᠭᠦᠯᠵᠦ᠂ ᠲᠠᠶᠢᠯᠤᠮᠵᠢ ᠨᠢ ︽ᠢᠷᠡᠭᠡᠳᠦᠢ ᠶᠢ ᠤᠶᠤᠨᠴᠢᠯᠠᠨ ᠡᠭᠦᠳᠬᠦ - ᠲᠤᠮᠤ ᠵᠠᠭᠪᠤᠷ ᠢᠶᠠᠷ ᠵᠣᠬᠢᠶᠠᠨ | ᠪᠠᠶᠢᠭᠤᠯᠤᠯᠲᠠ ᠶᠢᠨ ᠬᠤᠪᠢᠰᠤᠯᠲᠠ ᠪᠣᠯᠤᠨ ᠬᠤᠪᠢ ᠬᠥᠮᠦᠨ ᠰᠢᠨ᠎ᠡ ᠴᠠᠭ ᠦᠶ᠎ᠡ ᠳᠤ ᠳᠠᠪᠰᠢᠨ ᠤᠷᠤᠭᠤᠯᠤᠶ᠎ᠠ︾ | ᠭᠡᠬᠦ ᠰᠡᠳᠦᠪ ᠢᠶᠠᠷ ᠵᠣᠬᠢᠶᠠᠮᠠᠯ ᠣᠶᠤᠨᠴᠢ ᠮᠡᠷᠭᠡᠵᠢᠯ ᠤᠨ ᠬᠤᠪᠢᠰᠤᠯᠲᠠ᠂ ᠭᠤᠣᠯ ᠦᠨᠳᠦᠰᠦᠯᠡᠯ᠂ ᠬᠡᠷᠡᠭᠯᠡᠭᠡᠨ ᠤ | ᠲᠠᠯᠠᠪᠠᠢ ᠵᠡᠷᠭᠡ ᠤᠯᠠᠨ ᠲᠠᠯ᠎ᠠ ᠠᠴᠠ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠵᠦ᠂ ᠬᠤᠷᠠᠯ ᠳᠤ | ᠣᠷᠣᠯᠴᠠᠭᠰᠠᠳ ᠲᠤ ᠵᠣᠬᠢᠶᠠᠮᠠᠯ ᠤᠶᠤᠨ ᠴᠢᠳᠠᠪᠤᠷᠢ ᠶᠢᠨ ᠲᠤᠬᠠᠢ ᠨᠡᠩ ᠪᠦᠬᠦ ᠲᠠᠯ᠎ᠠ ᠶᠢᠨ ᠪᠠ ᠭᠦᠨᠵᠡᠭᠡᠢ | ᠲᠠᠨᠢᠯᠲᠠ ᠲᠠᠢ ᠪᠣᠯᠭᠠᠪᠠ᠃ ᠬᠤᠷᠠᠯ ᠤᠨ ᠠᠬᠤᠶ ᠲᠠᠯᠠᠪᠠᠶ ᠳᠤ ᠪᠠᠰᠠ ᠠᠰᠠᠭᠤᠯᠲᠠ ᠬᠠᠷᠢᠭᠤᠯᠲᠠ ᠶᠢᠨ ᠭᠤᠭᠴᠤᠭ᠎ᠠ | ᠲᠣᠬᠢᠷᠠᠭᠤᠯᠵᠤ᠂ ᠬᠤᠷᠠᠯ ᠳᠤ ᠣᠷᠣᠯᠴᠠᠭᠰᠠᠳ ᠵᠣᠬᠢᠶᠠᠮᠠᠯ ᠣᠶᠤᠨᠴᠢ ᠵᠥᠭᠡᠯᠡᠨ ᠲᠣᠨᠤᠭ ᠤᠨ ᠬᠡᠷᠡᠭᠯᠡᠭᠡᠨ ᠤ | ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠪᠠ᠃ | ᠬᠤᠷᠠᠯ ᠠᠴᠠ᠂ ᠪᠦᠬᠦ ᠬᠤᠳᠠ ᠪᠠᠷ ᠢᠶᠠᠨ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠴᠢᠯᠥᠭᠡᠯᠡᠵᠦ᠂ | ᠤᠢᠢᠯᠠᠭᠠᠭᠳᠠᠬᠤᠨ ᠤ ᠰᠢᠨ᠎ᠡ ᠶᠢ ᠡᠭᠦᠳᠴᠦ᠂ ᠤᠯᠠᠮᠵᠢᠯᠠᠯᠲᠤ ᠰᠡᠳᠬᠢᠬᠦᠢ ᠶᠢᠨ ᠬᠦᠯᠢᠶᠡᠰᠦᠯᠡᠯ ᠢ | ᠰᠠᠨᠠᠭᠠᠴᠢᠯᠠᠭ᠎ᠠ ᠠᠴᠠ ᠪᠠᠨ ᠡᠪᠳᠡᠵᠦ᠂ ᠤᠶᠤᠨᠴᠢᠯᠠᠭᠰᠠᠨ ᠬᠤᠪᠢᠰᠤᠯᠲᠠ ᠶᠢ ᠢᠳᠡᠪᠬᠢᠲᠡᠢ ᠬᠦᠷᠢᠶᠡᠯᠡᠵᠦ᠂ ᠰᠢᠨ᠎ᠡ | ᠨᠢᠭᠡ ᠡᠭᠡᠯᠵᠢ ᠶᠢᠨ ᠬᠥᠭᠵᠢᠯᠲᠡ ᠶᠢᠨ ᠳᠠᠪᠠᠯᠭᠠᠨ ᠳᠤᠮᠳᠠ ᠠᠵᠠ ᠲᠣᠬᠢᠶᠠᠯ ᠢ ᠠᠮᠵᠢᠵᠤ᠂ ᠰᠠᠨᠠᠭᠠᠴᠢᠯᠠᠭᠠᠲᠤ | ᠡᠷᠬᠡ ᠶᠢ ᠡᠵᠡᠮᠳᠡᠬᠦ ᠪᠠᠷ ᠴᠢᠷᠮᠠᠶᠢᠬᠤ ᠬᠡᠷᠡᠭᠲᠡᠢ᠃ ᠮᠠᠨ ᠤ ᠬᠤᠲᠠ ᠶᠢᠨ ᠠᠵᠤ ᠦᠢᠯᠡᠰ ᠤᠨ ᠰᠠᠭᠤᠷᠢ ᠪᠠ ᠡᠬᠢ | ᠪᠠᠶᠠᠯᠢᠭ ᠤᠨ ᠳᠠᠪᠠᠭᠤᠯᠢᠭ ᠲᠠᠢ ᠨᠢᠭᠲᠠ ᠤᠶᠠᠯᠳᠤᠭᠤᠯᠤᠨ᠂ AI ᠮᠡᠷᠭᠡᠵᠢᠯ ᠤᠨ ᠬᠠᠨᠳᠤᠰᠢ ᠶᠢ ᠭᠦᠨᠵᠡᠭᠡᠶ ᠰᠤᠳᠤᠯᠤᠨ | ᠮᠠᠭᠠᠳᠯᠠᠵᠤ᠂ ᠣᠶᠤᠨᠴᠢ ᠦᠢᠯᠡᠳᠭᠡᠯ᠂ ᠤᠶᠤᠨᠲᠤ ᠬᠤᠲᠠ᠂ ᠲᠣᠭᠠᠴᠢᠯᠠᠭᠰᠠᠨ ᠵᠠᠰᠠᠭ ᠤᠨ ᠶᠠᠪᠤᠳᠠᠯ ᠵᠡᠷᠭᠡ | ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ AI ᠬᠢᠭᠡᠳ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠭᠦᠨᠵᠡᠭᠡᠶ ᠠᠭᠤᠰᠤᠯᠴᠠᠭᠰᠠᠨ ᠬᠡᠷᠡᠭᠯᠡᠭᠡᠨ ᠤ ᠲᠠᠯᠠᠪᠤᠷ ᠢ ᠠᠭᠤᠳᠠᠯᠵᠤ᠂ ᠪᠥᠬᠦ ᠬᠤᠲᠠ ᠶᠢᠨ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠷᠭᠦᠯᠵᠢᠯᠡᠬᠦ AI ᠬᠥᠳᠡᠯᠭᠡᠬᠦ ᠡᠨᠧᠷᠭᠢ ᠨᠡᠮᠡᠷᠢᠯᠡᠬᠦ ᠬᠡᠷᠡᠭᠲᠡᠶ ᠭᠡᠵᠦ | ᠵᠢᠭᠠᠵᠦ ᠭᠠᠷᠭᠠᠪᠠ᠃ |