2 ᠰᠠᠷ᠎ᠠ ᠶᠢᠨ 27 ᠤ ᠡᠳᠦᠷ᠂ ᠲᠦᠩᠯᠢᠶᠣᠤ ᠬᠤᠲᠠ ᠶᠢᠨ ᠠᠶᠤᠯᠭᠦᠶ ᠦᠶ᠋ᠯᠡᠳᠪᠦᠷᠢᠯᠡᠯ ᠪᠠ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠸᠢᠳᠢᠣ᠋ ᠬᠤᠷᠠᠯ ᠬᠤᠷᠠᠯᠳᠤᠪᠠ᠃ ᠮᠠᠨ ᠤ ᠬᠤᠲᠠ ᠶᠢᠨ | ᠤᠳᠤᠷᠢᠳᠤᠯᠭ᠎ᠠ ᠵᠢᠢ ᠬᠠᠢ ᠶᠠᠩ᠂ ᠰᠥᠩ ᠴᠢ ᠵᠧ᠂ ᠰᠦᠨ ᠸᠧᠶ ᠨᠠᠨ᠂ ᠬᠤᠲᠠ ᠶᠢᠨ ᠪᠠᠴᠢᠮ ᠪᠠᠶᠢᠳᠠᠯ ᠢ | ᠠᠷᠭᠠᠴᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠶᠢᠨ | ᠬᠠᠷᠢᠭᠤᠴᠠᠯᠭᠠᠲᠠᠨ ᠵᠢᠴᠢ ᠬᠤᠲᠠ ᠳᠤ ᠰᠠᠭᠤᠭ᠎ᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ | ᠮᠠᠨ ᠤ ᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠲᠣᠰ ᠤᠳᠠᠭᠠᠨ ᠤ ᠬᠤᠷᠠᠯ ᠢ ᠭᠥᠯᠢᠶᠡᠨ ᠠᠪᠴᠤ | ᠦᠵᠡᠪᠡ᠃ | ᠬᠤᠷᠠᠯ ᠠᠴᠠ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠬᠦ ᠭᠠᠯ ᠢ ᠤᠨᠲᠠᠷᠠᠭᠠᠬᠤ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠳᠣᠬᠠᠨ ᠤ | ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠪᠠ | ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠵᠠᠷᠯᠠᠨ | ᠵᠠᠳᠠᠯᠤᠭᠰᠠᠨ ᠤ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ | ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ | ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠦᠨᠳᠦ ᠶᠡᠭᠡ ᠣᠨᠴᠠ ᠶᠡᠭᠡ ᠠᠳᠡᠯ | ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ | ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠭᠤᠣᠯᠳᠠᠯᠭ᠎ᠠ ᠲᠠᠢ | ᠬᠦᠷᠢᠶ᠎ᠡ ᠶᠢ ᠴᠢᠩᠭ᠎ᠠ ᠠᠩᠬᠠᠷᠴᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ | ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠠᠰᠠᠭᠤᠳᠠᠯ ᠢ ᠦᠨᠡᠨᠬᠦ ᠪᠣᠳᠠᠲᠠᠢ ᠳᠤ | ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ | ᠱᠠᠲᠤᠨ ᠤ ᠰᠠᠭᠤᠷᠢ ᠶᠢ ᠪᠠᠬᠢᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ ᠣᠯᠭᠤᠬᠤ ᠶᠢ | ᠴᠢᠬᠤᠯᠠᠴᠢᠯᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠪᠣᠯᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠵᠦ᠂ ᠦᠨᠳᠦᠰᠦᠨ | ᠱᠠᠲᠤᠨ ᠤ ᠴᠢᠳᠠᠪᠤᠷᠢ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ | ᠴᠢᠩᠭᠠᠯᠠᠵᠤ᠂ ᠬᠢᠨᠠᠨ ᠵᠢᠯᠣᠭᠤᠳᠴᠤ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ᠂ | ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ | ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ︽ᠡᠴᠦᠰ ᠤᠨ ᠨᠢᠭᠡ ᠮᠧᠲᠷ︾ ᠲᠤ ᠡᠷᠡᠰ ᠨᠠᠶᠢᠳᠠᠪᠤᠷᠢᠵᠢᠭᠤᠯᠬᠤ | ᠬᠡᠷᠡᠭᠲᠡᠢ ᠭᠡᠵᠦ ᠵᠢᠭᠠᠵᠦ ᠭᠠᠷᠭᠠᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠢ ᠰᠢᠭᠤᠢ ᠨᠤᠲᠤᠭ ᠪᠡᠯᠴᠢᠭᠡᠷ ᠤᠨ | ᠲᠦᠢᠮᠡᠷ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ | ᠨᠠᠶᠢᠳᠠᠪᠤᠷᠢᠵᠢᠭᠤᠯᠵᠤ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ | ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠶᠢ ᠨᠢᠭᠲᠠᠷᠠᠭᠤᠯᠵᠤ᠂ ᠠᠷᠠᠳ ᠤᠯᠠᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ᠃ ︽ᠴᠠᠭ ᠢᠮᠠᠭᠲᠠ ᠰᠠᠨᠠᠭ᠎ᠠ | ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠮᠤᠷ ᠲᠦᠪᠰᠢᠨ ᠲᠣᠭᠲᠠᠭᠤᠨ ᠤ ᠠᠵᠢᠯ ᠢ ᠪᠣᠳᠠᠲᠠᠢ | ᠨᠠᠷᠢᠯᠢᠭ ᠬᠢᠵᠦ᠂ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠨᠡᠶᠢᠭᠡᠮ ᠤᠨ ᠶᠡᠭᠡ ᠲᠠᠯ᠎ᠠ ᠶᠢᠨ ᠡᠶ᠎ᠡ | ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃ |