ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ 125 ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/11
     3 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ 125 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃

   ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ

ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ

ᠳᠡᠭᠡᠷ᠎ᠡ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ

ᠣᠷᠳᠣᠨ ᠤ ᠠᠯᠪᠠᠨ ᠲᠢᠩᠬᠢᠮ ᠤᠨ ︿ᠳᠠᠷᠤᠭᠠᠰᠤ ᠶᠢ ᠬᠥᠩᠭᠡᠷᠡᠭᠦᠯᠬᠦ᠂ ᠡᠨᠧᠷᠭᠢ ᠣᠯᠭᠤᠬᠤ᠂ ᠬᠦᠴᠢᠷᠳᠡᠯ ᠢ

ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠰᠢᠮᠳᠠᠭᠤᠯᠬᠤ︾ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ

ᠬᠢᠵᠦ ᠦᠨᠳᠦᠰᠦᠨ ᠱᠠᠲᠤᠨ ᠤ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ

ᠬᠦᠴᠦᠨ ᠨᠡᠮᠡᠷᠢᠯᠡᠬᠦ ᠲᠤᠬᠠᠶ ᠰᠠᠨᠠᠯ︾᠂ ᠲᠦᠩᠯᠢᠶᠣᠤ ᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ

ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠤᠯᠢᠩᠭᠤᠤᠯ ᠬᠤᠲᠠ ᠶᠢᠨ 2025

ᠣᠨ ᠤ ︿ᠲᠠᠪᠤᠨ ᠶᠡᠭᠡ ᠡᠭᠦᠷᠭᠡ﹀ ︿ᠵᠢᠷᠭᠤᠭᠠᠨ ᠢᠨᠵᠧᠨᠧᠷᠢᠩ﹀ ︿ᠵᠢᠷᠭᠤᠭᠠᠨ ᠢᠨᠵᠧᠨᠧᠷᠢᠩ﹀ ︿ᠵᠢᠷᠭᠤᠭᠠᠨ

ᠠᠵᠢᠯᠯᠠᠭ᠎ᠠ﹀ ᠶᠢᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾᠂ ︽ᠬᠤᠤᠯᠢᠩᠭᠤᠤᠯ ᠬᠤᠲᠠ ᠶᠢᠨ

ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ 2025 ᠣᠨ ᠤ ᠠᠵᠢᠯᠯᠠᠭᠠᠨ ᠤ

ᠲᠥᠰᠦᠯ︾ ᠵᠡᠷᠭᠡ ᠠᠭᠤᠯᠭ᠎ᠠ ᠶᠢ ᠰᠤᠳᠤᠯᠤᠨ ᠬᠢᠨᠠᠨ ᠵᠥᠪᠯᠡᠬᠦ ᠶᠢᠨ ᠬᠠᠮᠲᠤ ᠮᠠᠨ ᠤ ᠬᠤᠲᠠ ᠶᠢᠨ

ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠪᠡ᠃

   ᠭᠤᠤ ᠵᠢᠢ ᠶᠧ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠬᠤ᠂ ︽ᠵᠢᠷᠭᠤᠭᠠᠨ ᠢᠨᠵᠧᠨᠧᠷᠢᠩ︾

 ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠵᠢᠴᠢ ᠦᠢᠯᠡᠴᠢᠯᠡᠭᠡᠨ ᠤ ᠦᠢᠯᠡᠰ ᠤᠨ ᠴᠢᠨᠠᠷ

ᠰᠠᠶᠢᠲᠠᠢ ᠬᠥᠭᠵᠢᠯᠲᠡ ᠶᠢᠨ ᠠᠵᠢᠯ ᠤᠨ ᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠲᠣᠭᠤᠷᠢᠨ ᠳᠤ᠂

ᠨᠠᠷᠢᠨ ᠲᠠᠩᠰᠠ ᠶᠢᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠲᠠᠨᠢᠵᠤ᠂ ᠠᠵᠢᠯ ᠤᠨ ᠶᠠᠪᠤᠴᠠ ᠶᠢ ᠲᠠᠰᠤᠷᠠᠯᠲᠠ ᠦᠭᠡᠢ

ᠲᠡᠭᠦᠯᠳᠡᠷᠵᠢᠭᠦᠯᠵᠦ᠂ ᠰᠠᠶᠢᠨ ᠰᠠᠶᠢᠬᠠᠨ ᠠᠮᠵᠢᠯᠲᠠ ᠪᠦᠲᠦᠮᠵᠢ ᠪᠠᠷ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠪᠠᠲᠤ

ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠤᠮᠤ ︵ᠵᠡᠭᠡᠯᠢ ᠭᠤᠳᠤᠮᠵᠢ︶ ᠶᠢᠨ ᠡᠭᠦᠷᠭᠡ

ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢᠨ ᠠᠵᠢᠯ ᠢ ᠳᠡᠭᠡᠳᠦ ᠬᠡᠮᠵᠢᠶ᠎ᠡ ᠪᠠᠷ

ᠴᠢᠬᠤᠯᠠᠴᠢᠯᠠᠵᠤ᠂ ᠣᠷᠣᠨ ᠨᠤᠲᠤᠭ ᠤᠨ ᠣᠨᠴᠠᠯᠢᠭ ᠪᠠ ᠴᠢᠳᠠᠮᠵᠢ ᠶᠢᠨ ᠪᠠᠶᠢᠷᠢ ᠲᠣᠭᠲᠠᠭᠠᠯᠲᠠ ᠲᠠᠢ ᠭᠦᠢᠴᠡᠳ

ᠤᠶᠠᠯᠳᠤᠭᠤᠯᠤᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠡᠭᠦᠷᠭᠡ ᠬᠠᠷᠢᠭᠤᠴᠠᠯᠭ᠎ᠠ ᠪᠠᠨ

ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠵᠤ᠂ ᠲᠤᠰᠢᠶᠠᠯ ᠬᠠᠷᠢᠭᠤᠴᠠᠯᠭ᠎ᠠ ᠪᠠᠨ

ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢᠨ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂

ᠲᠦᠷᠭᠡᠨ ᠪᠥᠭᠡᠳ ᠯᠠᠪᠳᠠᠭᠤᠨ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠦᠨᠳᠦᠰᠦᠨ ᠱᠠᠲᠤ ᠶᠢ ᠶᠡᠬᠡᠪᠡᠷ

ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ︽ᠬᠦᠯᠢᠶᠡᠰᠦ ᠶᠢ ᠨᠢ

ᠰᠤᠯᠠᠷᠠᠭᠤᠯᠵᠤ︾᠂ ︽ᠦᠵᠦᠭᠦᠷ︾ ᠲᠡᠰᠢ ᠬᠦᠴᠦᠯᠡᠵᠦ᠂ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠦᠨᠳᠦᠰᠦᠨ

ᠱᠠᠲᠤᠨ ᠤ ᠳᠠᠷᠤᠭᠠᠰᠤ ᠶᠢ ᠬᠥᠩᠭᠡᠷᠡᠭᠦᠯᠬᠦ ︽ᠮᠡᠳᠡᠷᠡᠯ ᠤᠨ ᠰᠡᠵᠢᠭᠦᠷ︾ ᠢ ᠨᠡᠪᠲᠡᠷᠡᠭᠦᠯᠵᠦ᠂ ᠮᠠᠨ ᠤ ᠬᠤᠲᠠ ᠶᠢᠨ

ᠦᠨᠳᠦᠰᠦᠨ ᠱᠠᠲᠤᠨ ᠤ ᠵᠠᠰᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ

ᠭᠠᠷᠭᠠᠪᠠ᠃

   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号