ᠪᠥᠬᠦ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/11
    3 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠪᠥᠬᠦ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠱᠠᠨ ᠯᠢᠶᠠᠨ ᠾᠧᠩ᠂ ᠸᠠᠩ ᠵᠢᠶᠦ᠋ᠨ ᠭᠦᠸᠧ᠂ ᠰᠦᠨ ᠸᠧᠶ ᠨᠠᠨ᠂ ᠵᠣᠣ ᠱᠢ ᠶᠢᠨ᠂ ᠬᠤᠤᠯᠢᠩᠭᠤᠤᠯ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠰᠦᠨ ᠬᠤᠸᠠᠢ ᠵᠢᠶᠠᠩ ᠵᠢᠴᠢ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠤᠰᠤᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠤᠮᠤ᠂ ᠡᠯ᠎ᠡ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

   ᠬᠤᠷᠠᠯ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠠᠮᠢ ᠠᠬᠤᠢ ᠣᠷᠴᠢᠨ ᠲᠣᠭᠤᠷᠢᠨ ᠤ

ᠬᠦᠷᠢᠶᠡᠨ ᠤ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂

ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃

   ᠵᠢᠢ ᠬᠠᠢ ᠶᠠᠩ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠨᠢᠭᠡᠴᠡ ᠦᠵᠡᠯ ᠰᠠᠨᠠᠭ᠎ᠠ ᠪᠠᠨ ᠨᠢᠭᠡᠳᠬᠡᠨ᠂

ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ

ᠴᠢᠬᠤᠯᠠ ᠴᠢᠨᠠᠷ᠂ ᠲᠥᠪ ᠴᠢᠩᠭ᠎ᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠡᠭᠦᠷᠭᠡ

ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠱᠠᠭᠠᠷᠳᠠᠯᠭ᠎ᠠ ᠲᠠᠢ ᠬᠢᠨᠠᠮᠠᠭᠠᠶ ᠬᠠᠷᠢᠴᠠᠭᠤᠯᠤᠨ᠂ ᠥᠪᠡᠰᠦᠪᠡᠨ

ᠪᠠᠶᠢᠴᠠᠭᠠᠵᠤ ᠥᠪᠡᠰᠦᠪᠡᠨ ᠵᠠᠯᠠᠷᠠᠭᠤᠯᠬᠤ᠂ ᠳᠤᠲᠠᠭᠤ ᠪᠠᠨ ᠪᠠᠶᠢᠴᠠᠭᠠᠨ ᠨᠥᠬᠦᠪᠥᠷᠢᠯᠡᠬᠦ ᠠᠵᠢᠯ ᠢ ᠭᠦᠨᠵᠡᠭᠡᠶ

ᠥᠷᠨᠢᠭᠦᠯᠵᠦ᠂ ᠮᠠᠨ ᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ

ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠥᠨᠳᠥᠷ ᠪᠦᠲᠦᠮᠵᠢᠲᠡᠶ ᠪᠠᠷ

ᠬᠥᠳᠡᠯᠦᠯᠴᠡᠵᠦ᠂ ᠲᠦᠷᠭᠡᠳᠬᠡᠨ ᠠᠬᠢᠭᠤᠯᠵᠤ᠂ ᠭᠤᠤᠯᠳᠠᠯᠭ᠎ᠠ ᠲᠠᠢ ᠣᠷᠣᠨ ᠪᠦᠰᠡ᠂ ᠵᠠᠩᠭᠢᠯᠠᠭ᠎ᠠ ᠶᠢᠨ

ᠭᠤᠭᠴᠤᠭ᠎ᠠ ᠶᠢ ᠠᠩᠬᠠᠷᠴᠤ᠂ ᠠᠰᠠᠭᠤᠳᠠᠯ ᠤᠨ ᠳᠠᠯᠳᠠ ᠭᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ

ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ

ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠣᠳᠠᠲᠠᠶᠢᠵᠢᠭᠤᠯᠵᠤ᠂ ᠮᠠᠨ ᠤ

ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠶᠠᠰᠤ ᠴᠢᠨᠠᠷ ᠦᠷ᠎ᠡ

ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂

ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠡᠶ᠎ᠡ ᠪᠠᠷ ᠢᠶᠠᠨ

ᠲᠣᠬᠢᠷᠠᠭᠤᠯᠵᠤ᠂ ᠡᠮᠦᠨ᠎ᠡ ᠨᠢ ᠵᠢᠯᠣᠭᠤᠳᠴᠤ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ

ᠬᠠᠷᠢᠭᠤᠴᠠᠯᠭ᠎ᠠ ᠪᠠᠨ ᠡᠭᠦᠷᠭᠡᠯᠡᠵᠦ᠂ ᠦᠨᠡᠨᠬᠦ ᠠᠳᠬᠤᠨ ᠦᠨᠡᠨᠬᠦ ᠬᠠᠮᠢᠶᠠᠷᠴᠤ᠂ ᠱᠠᠳᠤ ᠱᠠᠳᠤ ᠪᠠᠷ ᠳᠠᠷᠤᠯᠲᠠ

ᠥᠭᠴᠦ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠮᠠᠨ ᠤ ᠬᠤᠳᠠ ᠶᠢᠨ ᠠᠮᠢ ᠠᠬᠤᠢ ᠣᠷᠴᠢᠨ

ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠦᠷᠭᠦᠯᠵᠢᠯᠡᠨ

ᠠᠬᠢᠭᠤᠯᠬᠤ ᠬᠡᠷᠡᠭᠲᠡᠢ ᠭᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号