3 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠪᠥᠬᠦ ᠬᠤᠲᠠ ᠶᠢᠨ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ | ᠡᠷᠭᠢᠯᠡᠨ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠱᠠᠨ ᠯᠢᠶᠠᠨ ᠾᠧᠩ᠂ ᠵᠣᠣ ᠱᠢ ᠶᠢᠨ ᠵᠢᠴᠢ | ᠬᠤᠤᠯᠢᠩᠭᠤᠤᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠳᠡᠳ᠋ | ᠡᠷᠬᠢᠯᠡᠭᠴᠢ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠰᠦᠨ ᠬᠤᠸᠠᠢ ᠵᠢᠶᠠᠩ᠂ ᠳᠡᠭᠡᠳᠦ | ᠰᠢᠨ᠎ᠡ ᠮᠡᠷᠭᠡᠵᠢᠯ ᠤᠨ ᠲᠣᠭᠤᠷᠢᠭ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠢᠴᠢ | ᠡᠯ᠎ᠡ ᠲᠤᠰᠬᠠᠶ ᠠᠵᠢᠯ ᠤᠨ ᠳᠤᠭᠤᠶᠢᠯᠠᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | | | | ᠬᠤᠷᠠᠯ ᠳᠡᠭᠡᠷ᠎ᠡ᠂ ᠡᠯ᠎ᠡ ᠲᠤᠰᠬᠠᠶ ᠠᠵᠢᠯ ᠤᠨ ᠳᠤᠭᠤᠶᠢᠯᠠᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ | ᠲᠣᠰ ᠣᠳᠣᠬᠠᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ | ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠪᠠᠨ ᠬᠠᠷᠢᠭᠤ ᠮᠡᠳᠡᠭᠦᠯᠪᠡ᠃ | ᠵᠢᠢ ᠬᠠᠶ ᠶᠠᠩ ᠵᠢᠭᠠᠵᠤ ᠭᠠᠷᠭᠠᠭᠰᠠᠨ ᠨᠢ᠂ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠠᠮᠢ ᠠᠬᠤᠶ | ᠣᠷᠴᠢᠨ ᠲᠣᠭᠤᠷᠢᠨ ᠤ ᠠᠵᠢᠯ ᠢ ᠰᠠᠶᠢᠲᠤᠷ ᠠᠳᠬᠤᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠷᠢ ᠬᠡᠮᠵᠢᠶ᠎ᠡ ᠪᠠᠨ ᠡᠷᠡᠰ ᠬᠦᠴᠦᠲᠡᠶ ᠳᠡᠭᠡᠭᠰᠢᠯᠡᠭᠦᠯᠬᠦ | ᠬᠡᠷᠡᠭᠲᠡᠶ᠃ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ | ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠲᠠᠢ ᠨᠠᠷᠢᠨ ᠬᠢᠨᠠᠮᠠᠭᠠᠶ ᠬᠠᠷᠭᠤᠭᠤᠯᠵᠤ᠂ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ | ᠠᠵᠢᠯ ᠤᠨ ᠬᠤᠭᠤᠴᠠᠭ᠎ᠠ ᠶᠢ ᠠᠮᠵᠢᠨ ᠠᠳᠬᠤᠵᠤ᠂ ᠲᠠᠩᠰᠠ ᠬᠠᠷᠭᠤᠭᠤᠯᠵᠤ ᠳ᠋ᠤᠭᠠᠷ ᠬᠠᠰᠤᠬᠤ ᠶᠢ ᠬᠡᠷᠡᠭᠵᠢᠭᠦᠯᠵᠦ᠂ | ᠨᠠᠩ ᠴᠢᠩᠭ᠎ᠠ ᠪᠠᠷᠢᠮᠵᠢᠶ᠎ᠠ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠲᠤᠰ ᠬᠦᠷᠢᠶᠡᠨ ᠤ ᠠᠶᠤᠯ ᠲᠦᠭᠰᠢᠭᠦᠷᠢ ᠶᠢᠨ ᠴᠡᠭ ᠢ ᠪᠦᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ ᠡᠮᠬᠢᠯᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠦᠷᠦᠯ | ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠥᠨᠴᠥᠭ ᠪᠤᠯᠤᠩ ᠦᠯᠡᠳᠡᠭᠡᠬᠦ ᠦᠭᠡᠢ᠂ ᠰᠣᠬᠤᠷ ᠪᠠᠯᠠᠢ ᠣᠷᠣᠨ | ᠦᠭᠡᠢ ᠪᠠᠶᠢᠬᠤ ᠶᠢ ᠪᠠᠲᠤᠯᠠᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠣᠳᠠᠲᠠᠢ ᠠᠳᠬᠤᠵᠤ | ᠨᠠᠷᠢᠯᠢᠭ ᠠᠳᠬᠤᠬᠤ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠪᠠᠶᠢᠷᠢᠯᠠᠭᠤᠯᠬᠤ ᠪᠠ ᠵᠣᠬᠢᠴᠠᠭᠤᠯᠵᠤ᠂ ᠤᠷᠳᠤ | ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ ᠰᠦᠪᠡᠭᠴᠢᠯᠡᠨ | ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠡᠵᠡᠮᠰᠢᠬᠦ ᠶᠢᠨ ᠬᠠᠮᠲᠤ ︽ᠡᠷᠬᠢᠨ | ᠬᠠᠷᠠᠬᠤ︾ ᠠᠵᠢᠯ ᠢ ᠥᠷᠨᠢᠭᠦᠯᠵᠦ᠂ ᠪᠦᠬᠦ ᠲᠠᠯ᠎ᠠ ᠪᠠᠷ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠵᠤ᠂ | ᠮᠠᠨ ᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ | ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠬᠠᠤᠯᠢ ᠬᠡᠷᠡᠭᠵᠢᠭᠦᠯᠵᠦ ᠵᠠᠯᠬᠠᠭᠠᠨ ᠰᠢᠢᠳᠬᠡᠬᠦ᠂ ᠵᠥᠪ ᠲᠠᠯ᠎ᠠ ᠠᠴᠠ ᠬᠦᠳᠦᠯᠦᠨ ᠵᠢᠯᠣᠭᠤᠳᠬᠤ ᠪᠠ ᠡᠰᠡᠷᠭᠦ | ᠲᠠᠯ᠎ᠠ ᠠᠴᠠ ᠰᠡᠷᠡᠮᠵᠢᠯᠡᠭᠦᠯᠬᠦ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠠᠵᠤ ᠠᠬᠤᠶᠢᠯᠠᠯ ᠢ ᠬᠦᠳᠦᠯᠦᠨ | ᠵᠢᠯᠣᠭᠤᠳᠴᠤ ᠪᠠᠶᠢᠭᠠᠳ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠦᠨᠡᠨ ᠬᠦ ᠡᠭᠦᠷᠭᠡᠯᠡᠭᠦᠯᠬᠦ ᠬᠡᠷᠡᠭᠲᠡᠢ︔ ᠬᠠᠷᠢᠭᠤᠴᠠᠯᠭ᠎ᠠ ᠡᠭᠦᠷᠭᠡᠯᠡᠬᠦ ᠦᠭᠡᠢ᠂ ᠬᠠᠤᠯᠢ ᠴᠠᠭᠠᠵᠠ ᠶᠢ ᠬᠠᠶᠢᠬᠤᠷᠬᠤ | ᠦᠭᠡᠢ᠂ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠭᠰᠠᠨ ᠠᠵᠤ ᠠᠬᠤᠶᠢᠯᠠᠯ ᠢ ᠶᠠᠭᠠᠬᠢᠭᠰᠠᠨ ᠴᠤ ᠢᠯᠳᠠᠷ | ᠬᠠᠶᠠᠬᠤ ᠦᠭᠡᠢ᠂ ᠴᠢᠩᠭ᠎ᠠ ᠵᠠᠯᠬᠠᠭᠠᠨ ᠰᠢᠳᠬᠡᠬᠦ ᠦᠭᠡᠢ ᠪᠠᠶᠢᠬᠤ ᠬᠡᠷᠡᠭᠲᠡᠢ ᠭᠡᠵᠠᠢ᠃ | | |