2 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠪᠥᠬᠦ ᠬᠤᠲᠠ ᠶᠢᠨ 2025 ᠣᠨ ᠤ | ᠭᠤᠤᠯᠳᠠᠯᠭ᠎ᠠ ᠲᠠᠢ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠬᠤᠲᠠ ᠶᠢᠨ ᠤᠳᠤᠷᠢᠳᠤᠯᠭ᠎ᠠ ᠸᠠᠩ ᠮᠢᠶᠣᠣ᠂ ᠰᠥᠩ ᠴᠢ ᠵᠧ᠂ ᠬᠤᠤᠯᠢᠩᠭᠤᠤᠯ ᠤᠨ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠬᠤᠲᠠ ᠶᠢᠨ ᠵᠠᠰᠠᠭ ᠤᠨ ᠣᠷᠳᠣᠨ ᠤ ᠠᠯᠪᠠᠨ | ᠬᠡᠷ ᠤᠨ ᠡᠷᠬᠢᠯᠡᠭᠴᠢ ᠰᠦᠨ ᠬᠤᠸᠠᠢ ᠵᠢᠶᠠᠩ ᠵᠢᠴᠢ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ | ᠴᠠᠭᠠᠵᠠ ᠶᠢᠨ ᠵᠥᠪᠯᠡᠯ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ | ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | | ᠬᠤᠷᠠᠯ ᠳᠡᠭᠡᠷ᠎ᠡ᠂ ᠵᠢᠢ ᠬᠠᠢ ᠶᠠᠩ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ | ᠵᠢᠷᠭᠤᠭᠠᠨ ᠠᠵᠢᠯᠯᠠᠭ᠎ᠠ︾ ᠵᠢᠴᠢ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠵᠡᠷᠭᠡ ᠠᠵᠢᠯ ᠢ | ᠨᠠᠶᠢᠳᠠᠪᠤᠷᠢᠵᠢᠭᠤᠯᠬᠤ ᠲᠤᠬᠠᠢ ᠨᠢᠭᠡᠳ ᠨᠢᠭᠡ ᠪᠠᠷ ᠲᠣᠬᠢᠷᠠᠭᠤᠯᠤᠨ ᠪᠠᠶᠢᠷᠢᠯᠠᠭᠤᠯᠵᠠᠢ᠃ | ᠵᠢᠢ ᠬᠠᠢ ᠶᠠᠩ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠨᠢᠭᠡᠴᠡ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠦᠩᠯᠢᠶᠣᠤ ᠬᠤᠲᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠬᠠᠷᠠᠯᠲᠠ ᠪᠠᠨ ᠲᠣᠭᠲᠠᠭᠠᠵᠤ᠂ | ᠢᠲᠡᠭᠡᠯ ᠵᠣᠷᠢᠭ ᠢᠶᠠᠨ ᠪᠠᠲᠤᠳᠬᠠᠨ᠂ ᠴᠢᠨᠠᠷ ᠰᠠᠶᠢᠲᠠᠶ ᠳᠠᠪᠠᠯᠲᠠ ᠲᠠᠢ ᠪᠠᠷ ᠬᠥᠭᠵᠢᠬᠦᠯᠬᠦ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ᠃ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ | ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠵᠢᠴᠢ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠥᠰᠦᠯ ᠤᠨ ᠡᠭᠦᠷᠭᠡ ᠶᠢᠨ | ᠵᠠᠳᠠᠯᠤᠯᠲᠠ ᠶᠢ ᠰᠠᠶᠢᠲᠤᠷ ᠬᠢᠵᠦ᠂ ᠣᠨ ᠤ ᠠᠵᠢᠯ ᠤᠨ ᠨᠠᠷᠢᠨ ᠬᠠᠭᠤᠳᠠᠰᠤ ᠶᠢ ᠲᠣᠭᠲᠠᠭᠠᠨ᠂ ᠵᠣᠬᠢᠶᠠᠨ ᠪᠠᠶᠢᠭᠤᠯᠵᠤ | ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠡᠭᠦᠷᠭᠡ ᠶᠢ ᠤᠷᠤᠭᠰᠢᠲᠠᠢ ᠠᠬᠢᠭᠤᠯᠵᠤ᠂ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠥᠨᠳᠥᠷ | ᠪᠦᠲᠦᠮᠵᠢᠲᠡᠢ ᠠᠬᠢᠭᠤᠯᠬᠤ ᠶᠢ ᠪᠠᠲᠤᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃ |