3 ᠰᠠᠷ᠎ᠠ ᠶᠢᠨ 11 ᠤ ᠡᠳᠦᠷ᠂ ᠪᠢᠨ ᠾᠧ ᠨᠡᠶᠢᠭᠡᠮ ᠲᠣᠭᠤᠷᠢᠭ ︽ᠵᠠᠮ ᠢᠶᠠᠨ ᠬᠠᠶᠢᠷᠠᠯᠠᠵᠤ ᠵᠠᠮ ᠢᠶᠠᠨ | ᠬᠠᠮᠠᠭᠠᠯᠠᠬᠤ ᠨᠡᠶᠢᠭᠡᠮ ᠲᠣᠭᠤᠷᠢᠭ ᠲᠤ ᠣᠷᠣᠵᠤ ᠲᠡᠮᠦᠷ ᠵᠠᠮ ᠤᠨ ᠠᠮᠤᠷ ᠲᠦᠪᠰᠢᠨ ᠤ ᠱᠤᠭᠤᠮ ᠢ ᠬᠠᠮᠲᠤ ᠪᠠᠷ | ᠡᠭᠦᠳᠬᠦ︾ ᠬᠤᠭ ᠨᠣᠪᠰᠢ ᠲᠡᠭᠦᠬᠦ ᠠᠵᠢᠯᠯᠠᠭ᠎ᠠ ᠶᠢ ᠥᠷᠨᠢᠭᠦᠯᠪᠡ᠃ ᠰᠠᠶᠢᠨ ᠳᠤᠷ᠎ᠠ ᠶᠢᠨ ᠦᠢᠯᠡᠴᠢᠯᠡᠭᠴᠢᠳ ᠪᠢᠨ | ᠾᠧ ᠵᠠᠮ ᠤᠨ ᠬᠡᠰᠡᠭ ᠤᠨ ᠲᠡᠮᠦᠷ ᠵᠠᠮ ᠳᠠᠭᠠᠤ ᠬᠦᠷᠴᠦ᠂ ᠬᠥᠪᠦᠮᠡᠯ ᠪᠣᠳᠠᠰ ᠵᠡᠷᠭᠡ ᠡᠯᠳᠡᠪ ᠪᠣᠳᠠᠰ ᠢ ᠭᠠᠯᠲᠤ | ᠲᠡᠷᠭᠡᠨ ᠤ ᠬᠡᠪ ᠤᠨ ᠠᠶᠠᠯᠠᠯ ᠳᠤ ᠠᠮᠤᠷ ᠲᠦᠪᠰᠢᠨ ᠤ ᠳᠠᠯᠳᠠ ᠭᠡᠮ ᠤᠴᠠᠷᠠᠭᠤᠯᠬᠤ ᠠᠴᠠ ᠵᠠᠶᠢᠯᠠᠰᠬᠢᠬᠦ ᠶᠢᠨ | ᠲᠥᠯᠥᠭᠡ᠂ ᠣᠯᠠᠨ ᠢᠶᠠᠷ ᠢᠶᠠᠨ ᠪᠠᠭᠠᠵᠢ ᠬᠡᠷᠡᠭᠰᠡᠯ ᠪᠠᠷᠢᠵᠤ᠂ ᠰᠦᠯᠢᠶᠣᠣ ᠪᠦᠷᠬᠦᠭᠦᠯ᠂ ᠰᠦᠯᠵᠢᠮᠡᠯ ᠤᠭᠤᠲᠠ᠂ | ᠴᠠᠭᠠᠨ ᠬᠤᠭ ᠨᠣᠪᠰᠢ ᠵᠡᠷᠭᠡ ᠶᠢ ᠭᠤᠣᠯᠳᠠᠯᠭ᠎ᠠ ᠲᠠᠢ ᠴᠡᠪᠡᠷᠯᠡᠪᠡ᠃ ᠡᠨᠡ ᠬᠤᠭᠤᠴᠠᠭᠠᠨ ᠳᠤ ᠪᠠᠰᠠ ᠡᠷᠭᠢᠨ | ᠲᠣᠭᠤᠷᠢᠨ ᠤ ᠰᠠᠭᠤᠭᠠᠯᠢ ᠠᠷᠠᠳ ᠲᠤ ᠵᠠᠮ ᠢ ᠬᠠᠮᠠᠭᠠᠯᠠᠬᠤ ᠮᠡᠳᠡᠯᠭᠡ ᠶᠢ ᠤᠬᠠᠭᠤᠯᠪᠠ᠃ ᠠᠵᠢᠯᠯᠠᠭ᠎ᠠ ᠪᠠᠷ ᠳᠠᠮᠵᠢᠨ | ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠳᠠᠯᠳᠠ ᠭᠡᠮ ᠢ ᠪᠦᠲᠦᠮᠵᠢᠲᠡᠶ ᠠᠷᠢᠯᠭᠠᠭᠰᠠᠨ ᠢᠶᠠᠷ ᠪᠠᠷᠠᠬᠤ ᠦᠭᠡᠶ | ᠪᠠᠰᠠ ᠰᠠᠭᠤᠭᠠᠯᠢ ᠠᠷᠠᠳ ᠤᠨ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠤᠬᠠᠮᠰᠠᠷ ᠢ ᠨᠡᠮᠡᠭᠳᠡᠭᠦᠯᠵᠦ᠂ | ᠨᠡᠶᠢᠭᠡᠮ ᠲᠣᠭᠤᠷᠢᠭ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | | | |