ᠬᠤᠤᠯᠢᠩᠭᠤᠤᠯ ᠬᠤᠲᠠ 2025 ᠣᠨ ᠤ ᠳᠡᠭᠡᠷ᠎ᠡ ᠬᠠᠭᠠᠰ ᠵᠢᠯ ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/18
   3 ᠰᠠᠷ᠎ᠠ ᠶᠢᠨ 14 ᠤ ᠡᠳᠦᠷ᠂ ᠬᠤᠤᠯᠢᠩᠭᠤᠤᠯ ᠬᠤᠲᠠ 2025 ᠣᠨ ᠤ ᠳᠡᠭᠡᠷ᠎ᠡ ᠬᠠᠭᠠᠰ ᠵᠢᠯ ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠶᠡᠭᠡ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠴᠡᠷᠢᠭ ᠡᠯᠰᠡᠬᠦ ᠠᠯᠪᠠᠨ ᠭᠡᠷ ᠤᠨ ᠡᠷᠬᠢᠯᠡᠭᠴᠢ ᠵᠠᠩ ᠪᠦᠦ ᠴᠧᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠬᠤ᠋ ᠵᠢᠶᠠᠨ ᠮᠢᠨ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠡᠷᠭᠡ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ᠂ ᠲᠤᠰᠬᠠᠶ ᠮᠡᠷᠭᠡᠵᠢᠯ ᠤᠨ ᠺᠠᠳ᠋ᠷ᠂ ᠡᠷᠦᠬᠡ ᠶᠢᠨ ᠴᠡᠷᠢᠭ ᠤᠨ ᠲᠥᠯᠥᠭᠡᠯᠡᠭᠴᠢ ᠵᠢᠴᠢ ᠰᠢᠨ᠎ᠡ ᠴᠡᠷᠢᠭ ᠤᠨ ᠭᠡᠷ ᠪᠦᠯᠢ ᠶᠢᠨ ᠬᠢᠨ ᠣᠷᠣᠯᠴᠠᠪᠠ᠃    ᠠᠵᠢᠯᠯᠠᠭ᠎ᠠ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠪᠡ᠃ ᠵᠠᠩ ᠪᠦᠦ ᠴᠧᠨ ᠰᠢᠨ᠎ᠡ ᠴᠡᠷᠢᠭ ᠤᠨ ᠴᠡᠷᠢᠭ ᠲᠤ ᠣᠷᠣᠬᠤ ᠶᠢ ᠵᠥᠪᠰᠢᠶᠡᠷᠡᠬᠦ ᠵᠠᠷᠯᠢᠭ ᠢ ᠤᠩᠰᠢᠨ ᠨᠡᠶᠢᠲᠡᠯᠡᠵᠦ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠰᠢᠨ᠎ᠡ ᠴᠡᠷᠢᠭ ᠲᠤ ᠴᠡᠷᠢᠭ ᠲᠤ ᠣᠷᠣᠬᠤ ᠱᠠᠩᠨᠠᠯ ᠤᠨ ᠮᠥᠩᠭᠦ ᠣᠯᠭᠤᠪᠠ᠃

   ᠵᠢᠢ ᠬᠠᠢ ᠶᠠᠩ ᠪᠠᠶᠠᠷ ᠤᠨ ᠦᠭᠡ ᠳᠡᠭᠡᠨ᠂ ᠰᠢᠨ᠎ᠡ ᠴᠡᠷᠢᠭ ᠨᠥᠬᠦᠳ ᠴᠡᠷᠢᠭ ᠤᠨ ᠬᠤᠪᠴᠠᠰᠤ ᠡᠮᠦᠰᠴᠦ᠂

ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠷᠠᠳ

ᠲᠦᠮᠡᠨ ᠤ ᠠᠮᠤᠷ ᠲᠣᠭᠲᠠᠭᠤᠨ ᠢ ᠬᠠᠮᠠᠭᠠᠯᠠᠬᠤ ᠳᠠᠷᠬᠠᠨ ᠡᠭᠦᠷᠭᠡ ᠶᠢ ᠤᠳᠠᠯ ᠦᠭᠡᠢ ᠡᠭᠦᠷᠭᠡᠯᠡᠵᠦ ᠪᠠᠶᠢᠨ᠎ᠠ᠂

ᠨᠥᠬᠦᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠴᠡᠷᠢᠭ ᠤᠨ ᠶᠠᠪᠤᠳᠠᠯ ᠤᠨ ᠤᠷ᠎ᠠ ᠴᠢᠳᠠᠪᠤᠷᠢ ᠶᠢ

ᠴᠢᠷᠮᠠᠶᠢᠨ ᠰᠤᠷᠤᠯᠴᠠᠵᠤ᠂ ᠳᠠᠶᠢᠰᠤᠨ ᠢ ᠤᠰᠠᠳᠬᠠᠬᠤ ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠭᠤᠯᠵᠤ᠂

ᠡᠷᠲᠡᠬᠡᠨ ᠭᠠᠪᠢᠶ᠎ᠠ ᠪᠠᠶᠢᠭᠤᠯᠤᠨ ᠦᠢᠯᠡᠰ ᠪᠦᠲᠦᠭᠡᠵᠦ᠂ ᠡᠷᠲᠡᠬᠡᠨ ᠨᠠᠮ ᠤᠨ ᠵᠢᠯᠤᠭᠤᠳᠤᠯᠭ᠎ᠠ ᠶᠢ ᠲᠠᠭᠠᠬᠤ᠂

ᠢᠯᠠᠭᠤᠭᠰᠠᠨ ᠲᠠᠶᠢᠨ ᠬᠢᠵᠦ ᠳᠡᠶᠢᠯᠬᠦ᠂ ᠣᠪᠣᠷ ᠰᠤᠷᠲᠠᠯ ᠰᠢᠯᠢᠳᠡᠭ ᠰᠠᠶᠢᠨ ᠬᠢᠷᠢ ᠲᠡᠩᠴᠡᠭᠰᠡᠨ ᠴᠡᠷᠢᠭ ᠪᠤᠯᠵᠤ᠂

ᠨᠤᠲᠤᠭ ᠤᠨ ᠠᠬᠠᠰ ᠵᠠᠬᠠᠰ ᠲᠠᠭᠠᠨ ᠭᠡᠷᠡᠯ ᠭᠢᠯᠪᠠᠭ᠎ᠠ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃

   ᠤᠯᠠᠭᠠᠨᠮᠥ᠋ᠴᠢᠷ ᠤᠨ ᠭᠤᠶᠢᠳᠠ ᠰᠠᠶᠢᠬᠠᠨ ᠲᠣᠭᠯᠠᠯᠲᠠ ᠨᠢ ᠰᠢᠨ᠎ᠡ ᠴᠡᠷᠢᠭ ᠪᠣᠯᠤᠨ ᠭᠡᠷ ᠪᠦᠯᠢ ᠶᠢᠨ ᠬᠢᠨ ᠳᠤ

ᠨᠢᠭᠡ ᠤᠳᠠᠭᠠᠨ ᠤ ᠦᠪᠡᠳᠡᠭᠰᠢ ᠨᠠᠶᠢᠷ ᠢ ᠠᠪᠴᠢᠷᠠᠵᠤ᠂ ᠪᠥᠵᠢᠭ ︽ᠦᠵᠡᠰᠬᠦᠯᠡᠩᠲᠦ ᠰᠠᠶᠢᠬᠠᠨ ᠮᠢᠨᠦ ᠭᠡᠷ︾᠂

ᠳᠠᠭᠤᠤ ︽ᠴᠡᠷᠢᠭ ᠢ ᠬᠦᠴᠦᠷᠬᠡᠭᠵᠢᠭᠦᠯᠬᠦ ᠲᠡᠶᠢᠨ ᠤ ᠳᠠᠭᠤᠤ︾᠂ ︽ᠠᠵᠢᠨᠠᠶ ᠬᠦᠯᠦᠭ ᠬᠢᠯᠢ ᠪᠠᠨ ᠬᠠᠮᠠᠭᠠᠯᠠᠬᠤ︾᠂

ᠳᠠᠭᠤᠤ ᠪᠥᠵᠢᠭ ︽ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ᠵᠡᠷᠭᠡ

ᠲᠣᠭᠯᠠᠯᠲᠠ ᠶᠢ ᠵᠠᠯᠭᠠᠭ᠎ᠠ ᠪᠠᠷ ᠲᠣᠭᠯᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠤᠳᠠᠭ᠎ᠠ ᠳᠠᠷᠠᠭᠠᠯᠠᠨ

ᠣᠷᠭᠢᠯ ᠳᠤ ᠬᠦᠷᠭᠡᠪᠡ᠃

   ᠰᠢᠨ᠎ᠡ ᠴᠡᠷᠢᠭ ᠤᠨ ᠲᠥᠯᠥᠭᠡᠯᠡᠭᠴᠢ ᠮᠠ ᠢᠦᠢ ᠰᠢᠶᠠᠩ᠂ ᠤᠳᠤᠷᠢᠳᠤᠯᠭ᠎ᠠ ᠪᠣᠯᠤᠨ ᠨᠤᠲᠤᠭ ᠤᠨ ᠢᠶᠠᠨ

ᠠᠬᠠᠮᠠᠳ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢᠨ᠎ᠡ ᠴᠡᠷᠢᠭ ᠤᠨ ᠠᠮᠢᠳᠤᠷᠠᠯ ᠤᠨ ᠠᠶᠠᠨ ᠵᠠᠮ ᠳᠤ᠂

ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠬᠦᠨᠳᠦ ᠡᠭᠦᠷᠭᠡ ᠶᠢ ᠯᠠᠪᠳᠠᠭᠤᠨ

ᠪᠠᠲᠤᠲᠠᠢ᠂ ᠵᠣᠷᠢᠭᠲᠠᠢ ᠪᠠᠷ ᠡᠭᠦᠷᠭᠡᠯᠡᠵᠦ᠂ ᠠᠪᠤ ᠡᠵᠢ ᠪᠠᠨ ᠰᠠᠨᠠᠭ᠎ᠠ ᠠᠮᠤᠷ᠂ ᠨᠤᠲᠤᠭ ᠤᠰᠤ ᠪᠠᠨ ᠰᠠᠨᠠᠭ᠎ᠠ ᠠᠮᠤᠷ᠂

ᠡᠬᠡ ᠤᠯᠤᠰ ᠪᠣᠯᠤᠨ ᠠᠷᠠᠳ ᠲᠦᠮᠡᠨ ᠢᠶᠠᠨ ᠰᠠᠨᠠᠭ᠎ᠠ ᠠᠮᠤᠷ ᠪᠠᠶᠢᠯᠭᠠᠵᠤ᠂ ᠴᠡᠷᠢᠭ ᠢ ᠬᠦᠴᠦᠷᠬᠡᠭᠵᠢᠭᠦᠯᠬᠦ ᠵᠡᠭᠦᠳᠦ᠂

ᠤᠯᠤᠰ ᠢᠶᠠᠨ ᠬᠦᠴᠦᠷᠬᠡᠭᠵᠢᠭᠦᠯᠬᠦ ᠵᠡᠭᠦᠳᠦ ᠶᠢ ᠲᠡᠷᠭᠡᠯᠰᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ

ᠢᠯᠡᠳᠬᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号