︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾ | ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠤᠨ | ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ | ᠪᠠᠶᠢᠷᠢᠯᠠᠭᠤᠯᠤᠯᠲᠠ ᠶᠣᠰᠣᠭᠠᠷ᠂ 2025 ᠣᠨ ᠤ 3 ᠰᠠᠷ᠎ᠠ ᠶᠢᠨ 12 ᠤᠨ ᠡᠳᠦᠷ ᠠᠴᠠ 4 ᠰᠠᠷ᠎ᠠ ᠶᠢᠨ 30 | ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠪᠤᠳᠤᠭᠠᠷ ᠲᠣᠭᠤᠷᠢᠨ ᠪᠠᠶᠢᠴᠠᠭᠠᠬᠤ | ᠳᠤᠭᠤᠶᠢᠯᠠᠩ ᠬᠤᠤᠯᠢᠩᠭᠤᠤᠯ ᠬᠤᠲᠠ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠪᠡ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ | ᠰᠢᠵᠢᠮ ᠢ ᠲᠤᠭᠤᠰᠢᠯᠠᠭᠤᠯᠬᠤ ᠶᠢᠨ ᠲᠣᠭᠤᠷᠢᠨ ᠳᠤ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠵᠦ᠂ ︽ᠵᠢᠷᠭᠤᠭᠠᠨ ᠢᠨᠵᠧᠨᠧᠷᠢᠩ︾ ᠢ ᠠᠬᠢᠭᠤᠯᠵᠤ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠵᠦ ᠪᠠᠶᠢᠭᠠᠳ | ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ | ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠠᠬᠢᠭᠤᠯᠵᠤ᠂ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠪᠠᠶᠢᠳᠠᠯ ᠳᠤ | ᠬᠢᠨᠠᠯᠲᠠ ᠲᠠᠯᠪᠢᠵᠤ᠂ ᠭᠤᠣᠯᠳᠠᠭᠤ ᠬᠤᠤᠯᠢᠩᠭᠤᠤᠯ ᠬᠤᠳᠠ ᠶᠢᠨ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ | ᠪᠠᠭ ᠵᠢᠴᠢ ᠲᠡᠭᠦᠨ ᠤ ᠪᠦᠷᠢᠯᠳᠦᠬᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ | ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ | ᠵᠠᠬᠢᠳᠠᠯ ᠤᠲᠠᠰᠤ ᠰᠤᠷᠪᠤᠯᠵᠢᠯᠠᠯ ᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ ᠲᠦᠷᠦ ᠶᠢᠨ | ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ | ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠶᠢ | ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠤᠨ᠎ᠠ᠃ ᠲᠣᠭᠤᠷᠢᠨ | ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ | ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠶ ᠵᠢᠵᠢᠭᠦᠷᠯᠡᠬᠦ | ᠤᠲᠠᠰᠤ ᠲᠣᠬᠢᠷᠠᠭᠤᠯᠪᠠ᠄ 0475-7822297 ᠡᠳᠦᠷ ᠪᠦᠷᠢ ᠶᠢᠨ ᠤᠳᠠᠰᠤ ᠭᠥᠯᠢᠶᠡᠨ ᠠᠪᠬᠤ ᠴᠠᠭ ᠨᠢ 8᠄ | 00 ᠠᠴᠠ 18᠄ 00 | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠲᠣᠭᠤᠷᠢᠨ ᠪᠠᠢᠴᠠᠭᠠᠬᠤ | ᠳᠤᠭᠤᠢᠯᠠᠩ | 2025 ᠣᠨ ᠤ 3 ᠰᠠᠷ᠎ᠠ ᠶᠢᠨ 12 ᠤᠨ ᠡᠳᠦᠷ | |