ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠦᠩᠯᠢᠶᠣᠤ ᠬᠤᠲᠠ ᠶᠢᠨ ᠲᠡᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2025/3/26
    3 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠲᠠᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠲᠠ ᠳᠤ ᠬᠤᠷᠠᠯᠳᠤᠵᠤ᠂ ᠬᠡᠷ ᠲᠡᠭᠡᠨ ᠪᠠᠶᠢᠭ᠎ᠠ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ ᠪᠥᠬᠦ ᠬᠤᠲᠠ ᠶᠢᠨ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠨᠡᠶᠢᠲᠡ 300 ᠭᠠᠷᠤᠶ ᠬᠥᠮᠦᠨ ᠬᠤᠷᠠᠯ ᠳᠤ ᠣᠷᠣᠯᠴᠠᠵᠠᠶ᠃

   ᠬᠤᠷᠠᠯ ᠠᠴᠠ ᠲᠦᠩᠯᠢᠶᠣᠤ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ

ᠵᠢᠶᠠᠩ ᠵᠠᠨ ᠰᠢᠨ ᠢ ᠤᠷᠢᠵᠤ ᠲᠤᠰᠬᠠᠢ ᠰᠡᠳᠦᠪᠲᠦ ᠬᠢᠴᠢᠶᠡᠯ ᠬᠢᠯᠭᠡᠵᠦ᠂ ᠲᠠᠶᠢᠯᠤᠮᠵᠢ ᠨᠢ ︽ᠠᠷᠪᠠᠨ ᠳᠥᠷᠪᠡᠳᠦᠭᠡᠷ

ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ

ᠬᠤᠷᠠᠯ ᠤᠨ ᠭᠤᠣᠯ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠶ᠎ᠠ︾ ᠭᠡᠬᠦ ᠰᠡᠳᠦᠪ ᠢᠶᠠᠷ ᠠᠷᠪᠠᠨ ᠳᠥᠷᠪᠡᠳᠦᠭᠡᠷ

ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ

ᠬᠤᠷᠠᠯ ᠤᠨ ᠲᠦᠢᠮᠣ ᠪᠠᠶᠢᠳᠠᠯ᠂ ᠶᠡᠷᠦᠩᠬᠡᠢ ᠱᠦᠵᠢ ᠰᠢ ᠶᠢᠨ ᠫᠢᠩ ᠤᠨ ᠶᠡᠭᠡ ᠬᠤᠷᠠᠯ ᠤᠨ ᠬᠤᠭᠤᠴᠠᠭᠠᠨ ᠳᠠᠬᠢ

ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠭᠡ ᠬᠤᠷᠠᠯ ᠤᠨ ᠡᠯ᠎ᠡ ᠵᠦᠢᠯ ᠤᠨ ᠮᠡᠳᠡᠭᠦᠯᠦᠯᠲᠡ ᠪᠣᠯᠤᠨ ᠬᠠᠤᠯᠢ

ᠴᠠᠭᠠᠵᠠ ᠶᠢᠨ ᠬᠡᠷᠡᠭ ᠤᠨ ᠭᠤᠣᠯ ᠠᠭᠤᠯᠭ᠎ᠠ᠂ ᠬᠤᠷᠠᠯ ᠤᠨ ᠬᠤᠭᠤᠴᠠᠭᠠᠨ ᠳᠤ ᠥᠪᠥᠷ ᠮᠣᠩᠭᠤᠯ ᠤᠨ

ᠲᠥᠯᠥᠭᠡᠯᠡᠭᠴᠢᠳ ᠤᠨ ᠪᠦᠯᠬᠦᠮ ᠤᠨ ᠠᠵᠢᠯᠯᠠᠭ᠎ᠠ ᠶᠢᠨ ᠪᠠᠶᠢᠳᠠᠯ ᠵᠡᠷᠭᠡ ᠲᠦᠷᠪᠡᠨ ᠲᠠᠯ᠎ᠠ ᠶᠢᠨ ᠲᠣᠭᠤᠷᠢᠨ ᠳᠤ

ᠤᠬᠠᠭᠤᠯᠤᠨ ᠲᠠᠶᠢᠯᠪᠤᠷᠢᠯᠠᠵᠤ᠂ ᠤᠯᠠᠨ ᠳᠤ ᠭᠤᠶᠢᠳᠠ ᠰᠠᠶᠢᠬᠠᠨ ᠬᠠᠪᠰᠤᠷᠤᠨ ᠵᠢᠯᠣᠭᠤᠳᠬᠤ ᠲᠠᠶᠢᠯᠤᠮᠵᠢ ᠬᠢᠵᠡᠢ᠃

   ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠭᠤᠤᠯ ᠰᠡᠳᠦᠪ ᠨᠢ ᠢᠯᠡ ᠲᠣᠳᠣ᠂ ᠦᠵᠡᠯ ᠰᠠᠨᠠᠭ᠎ᠠ ᠨᠢ

ᠭᠦᠨᠵᠡᠭᠡᠶ᠂ ᠭᠤᠤᠯᠳᠠᠯᠭ᠎ᠠ ᠨᠢ ᠲᠣᠪᠤᠶᠢᠮ᠎ᠠ᠂ ᠲᠠᠶᠢᠯᠤᠮᠵᠢ ᠨᠢ ᠨᠠᠷᠢᠨ ᠨᠢᠮᠪᠠᠶ ᠪᠠᠶᠢᠵᠤ᠂ ᠮᠠᠰᠢ ᠴᠢᠩᠭ᠎ᠠ ᠤᠯᠤᠰ

ᠲᠥᠷᠥᠴᠢ ᠴᠢᠨᠠᠷ᠂ ᠣᠨᠣᠯᠴᠢ ᠴᠢᠨᠠᠷ ᠪᠠ ᠵᠢᠯᠣᠭᠤᠳᠬᠤ ᠴᠢᠨᠠᠷ ᠲᠠᠢ ᠪᠠᠶᠢᠵᠤ᠂ ᠮᠠᠨ ᠤ ᠬᠤᠲᠠ ᠶᠢᠨ ᠥᠷᠭᠡᠨ

ᠣᠯᠠᠨ ᠺᠠᠳ᠋ᠷ ᠣᠯᠠᠨ ᠲᠦᠮᠡᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂

ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠳᠤ ᠦᠵᠡᠯ ᠰᠠᠨᠠᠭᠠᠨ ᠤ

ᠵᠢᠯᠣᠭᠤᠳᠣᠯᠭ᠎ᠠ ᠪᠠ ᠣᠶᠤᠨ ᠰᠠᠨᠠᠭᠠᠨ ᠤ ᠬᠦᠴᠦᠨ ᠴᠢᠳᠠᠯ ᠬᠠᠩᠭᠠᠭᠰᠠᠨ ᠪᠠᠶᠢᠨ᠎ᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号