3 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠬᠤᠲᠠ ᠶᠢᠨ ᠳᠠᠷᠤᠭ᠎ᠠ ᠵᠢᠢ ᠬᠠᠢ ᠶᠠᠩ ᠡᠮᠦᠨ᠎ᠡ ᠵᠠᠳᠠᠭᠠᠢ ᠨᠡᠭᠦᠷᠡᠰᠦᠨ ᠠᠭᠤᠷᠬᠠᠢ ᠳᠤ ᠭᠦᠨᠵᠡᠭᠡᠶᠢᠷᠡᠨ ᠠᠶᠤᠯᠭᠦᠶ | ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ | ᠭᠡᠷ᠂ ᠡᠨᠧᠷᠭᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ | ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠪᠠ᠃ ᠵᠢᠢ ᠬᠠᠢ ᠶᠠᠩ ᠨᠠᠷ ᠠᠶᠤᠯᠭᠦᠶ | ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠠᠭᠤᠷᠬᠠᠶ ᠶᠢᠨ ᠠᠮᠢ ᠠᠬᠤᠶ ᠶᠢ ᠵᠠᠰᠠᠨ | ᠰᠡᠷᠭᠦᠭᠡᠭᠰᠡᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠵᠢᠢ ᠬᠠᠶ ᠶᠠᠩ ᠂ ᠠᠶᠤᠯᠭᠦᠶ ᠦᠢᠯᠡᠳᠪᠦᠷᠢᠯᠡᠯ ᠪᠣᠯ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠮᠥᠨ᠂ | ᠪᠠᠰᠠ ᠴᠤ ᠡᠷᠬᠡᠪᠰᠢ ᠪᠠᠲᠤ ᠡᠭᠦᠷᠭᠡᠯᠡᠬᠦ ᠤᠯᠤᠰ ᠲᠥᠷᠥ ᠶᠢᠨ ᠬᠠᠷᠢᠭᠤᠴᠠᠯᠭ᠎ᠠ ᠮᠥᠨ᠃ ᠠᠵᠤ ᠠᠬᠤᠶᠢᠯᠠᠯ ᠤᠨ ᠬᠢᠨ | ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠠᠮᠤᠷ | ᠲᠦᠪᠰᠢᠨ ᠤ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠶᠤᠯ ᠲᠦᠭᠰᠢᠭᠦᠷᠢ ᠶᠢᠨ ᠭᠡᠮ | ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠡᠯ᠎ᠡ ᠲᠦᠷᠦᠯ ᠤᠨ ᠠᠳᠡᠯ | ᠭᠠᠷᠬᠤ ᠶᠢ ᠴᠢᠩᠭ᠎ᠠ ᠰᠡᠷᠭᠡᠶᠢᠯᠡᠵᠦ᠂ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ | ᠦᠷᠭᠦᠯᠵᠢᠯᠡᠨ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠡᠯ᠎ᠡ ᠠᠵᠢᠯ | ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠳᠦᠷ ᠲᠤᠲᠤᠮ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠪᠠᠶᠢᠩᠭᠤᠵᠢᠭᠰᠠᠨ᠂ | ᠲᠤᠰᠬᠠᠶᠢᠵᠢᠭᠰᠠᠨ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠵᠦ᠂ ᠠᠵᠤ ᠠᠬᠤᠶᠢᠯᠠᠯ ᠢ ᠰᠢᠮᠳᠠᠭᠤᠯᠤᠨ | ᠵᠢᠯᠣᠭᠤᠳᠴᠤ ᠪᠠᠶᠢᠭᠠᠳ ᠡᠯ᠎ᠡ ᠲᠥᠷᠥᠯ ᠤᠨ ᠠᠶᠤᠯ ᠥᠬᠡᠶ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ | ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠥᠷᠨᠢᠭᠦᠯᠵᠦ᠂ ᠪᠥᠬᠦ ᠬᠤᠲᠠ ᠶᠢᠨ ᠠᠶᠤᠯ ᠥᠬᠡᠶ | ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠳᠤ ᠬᠦᠴᠦᠲᠡᠶ ᠪᠠᠲᠤᠯᠠᠭ᠎ᠠ ᠬᠠᠩᠭᠠᠬᠤ | ᠬᠡᠷᠡᠭᠲᠡᠶ ᠬᠡᠵᠦ ᠴᠢᠬᠤᠯᠠᠴᠢᠯᠠᠵᠠᠢ᠃ |