3 ᠰᠠᠷ᠎ᠠ ᠶᠢᠨ 24 ᠤ ᠡᠳᠦᠷ᠂ ᠲᠦᠩᠯᠢᠶᠣᠣ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠢ ᠶᠧ ᠬᠤᠲᠠ ᠶᠢᠨ ᠨᠠᠮ ᠤᠨ | ᠬᠤᠷᠢᠶᠠᠨ ᠤ ᠨᠠᠢᠮᠠᠳᠤᠭᠠᠷ ᠬᠤᠭᠤᠴᠠᠭᠠᠨ ᠤ 126 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ | ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ | ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠰᠤᠷᠤᠯᠴᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠣ | ᠬᠤᠲᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ︽ᠪᠦᠬᠦ ᠬᠤᠲᠠ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠥᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ | ᠵᠥᠪᠯᠡᠵᠦ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ | | | | | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠰᠢᠰᠲ᠋ᠧᠮ ᠲᠠᠢ ᠰᠤᠷᠤᠯᠴᠠᠵᠤ᠂ ᠲᠤᠰ ᠤᠳᠠᠭᠠᠨ ᠤ | ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠲᠠᠢ ᠡᠭᠦᠷᠭᠡ ᠶᠢ ᠣᠨᠣᠪᠴᠢᠲᠠᠢ ᠡᠵᠡᠮᠳᠡᠬᠦ ᠬᠡᠷᠡᠭᠲᠡᠢ᠃ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰ ᠤᠳᠠᠭᠠᠨ ᠤ ᠰᠤᠷᠤᠯᠴᠠᠯᠭ᠎ᠠ ᠬᠥᠮᠦᠵᠢᠯ ᠪᠣᠯ ᠭᠤᠣᠯ | ᠰᠡᠳᠦᠪᠲᠦ ᠬᠥᠮᠦᠵᠢᠯ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠤᠯᠠᠮ ᠴᠢᠨᠠᠭᠰᠢᠳᠠ ᠪᠠᠬᠢᠵᠢᠭᠦᠯᠦᠨ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ | ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠮ ᠤᠯᠠᠨ ᠲᠦᠮᠡᠨ ᠺᠠᠳ᠋ᠷ ᠤᠯᠠᠨ ᠲᠦᠮᠡᠨ ᠤ ᠬᠠᠷᠢᠴᠠᠭ᠎ᠠ ᠶᠢ | ᠨᠢᠭᠲᠠᠷᠠᠭᠤᠯᠬᠤ᠂ ᠨᠠᠮ ᠤᠨ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠲᠡᠢ ᠪᠠᠲᠤᠯᠠᠭ᠎ᠠ ᠮᠥᠨ ᠭᠡᠳᠡᠭ ᠢ | ᠭᠦᠨᠵᠡᠭᠡᠢ ᠲᠠᠨᠢᠬᠤ ᠬᠡᠷᠡᠭᠲᠡᠢ᠃ ᠬᠤᠷᠠᠯ ᠠᠴᠠ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ | ᠬᠡᠷᠡᠭᠲᠡᠢ᠃ ︽ᠰᠤᠷᠤᠯᠴᠠᠬᠤ︾ ᠶᠢ ᠢᠮᠠᠭᠲᠠ ᠲᠤᠭᠤᠰᠢᠯᠠᠭᠤᠯᠵᠤ᠂ ᠤᠨᠤᠯ ᠤᠨ ᠰᠤᠷᠤᠯᠴᠠᠯᠭ᠎ᠠ ᠶᠢ ᠪᠣᠳᠠᠲᠠᠢ | ᠠᠵᠢᠯ ᠲᠠᠢ ᠨᠢᠭᠲᠠ ᠤᠶᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠦᠨᠡᠨ ᠬᠦ | ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠢ᠃ ᠪᠠᠶᠢᠴᠠᠭᠠᠬᠤ ᠶᠢᠨ ᠳᠠᠭᠠᠤ | ᠥᠭᠡᠷᠡᠴᠢᠯᠡᠬᠦ ᠶᠢ ᠲᠤᠪᠤᠶᠢᠯᠭᠠᠵᠦ᠂ ᠲᠤᠰ ᠤᠳᠠᠭ᠎ᠠ ᠶᠢᠨ ᠲᠣᠭᠤᠷᠢᠨ ᠪᠠᠶᠢᠴᠠᠭᠠᠬᠤ ᠠᠵᠢᠯ ᠲᠠᠢ ᠤᠶᠠᠯᠳᠤᠭᠤᠯᠵᠤ᠂ | ᠠᠰᠠᠭᠤᠳᠠᠯ ᠢ ᠪᠠᠶᠢᠴᠠᠭᠠᠨ ᠳᠡᠯᠭᠡᠬᠦ ᠵᠢᠴᠢ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠤᠬᠴᠠᠵᠢᠭᠤᠯᠤᠨ ᠠᠬᠢᠭᠤᠯᠬᠤ | ᠬᠡᠷᠡᠭᠲᠡᠢ᠃ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠦᠲᠦᠮᠵᠢᠲᠡᠢ ᠪᠠᠶᠢᠬᠤ ᠶᠢ ᠲᠤᠪᠤᠶᠢᠯᠭᠠᠵᠦ᠂ ᠲᠦᠷᠦ ᠶᠢᠨ | ᠪᠤᠳᠤᠯᠭ᠎ᠠ ᠲᠣᠭᠲᠠᠭᠠᠬᠤ᠂ ᠬᠢᠨᠠᠨ ᠰᠢᠯᠭᠠᠵᠤ ᠪᠠᠶᠢᠴᠠᠭᠠᠬᠤ᠂ ᠬᠠᠷᠢᠭᠤᠴᠠᠯᠭ᠎ᠠ ᠨᠡᠬᠡᠮᠵᠢᠯᠡᠵᠦ ᠱᠠᠩᠨᠠᠵᠤ ᠲᠣᠷᠭᠠᠬᠤ | ᠵᠡᠷᠭᠡ ᠭᠤᠭᠴᠤᠭ᠎ᠠ ᠶᠢᠨ ᠲᠣᠭᠤᠷᠢᠨ ᠳᠤ ᠨᠠᠷᠢᠯᠢᠬᠵᠢᠭᠤᠯᠤᠨ ᠲᠦᠷᠢᠮ ᠢ ᠲᠡᠭᠦᠯᠳᠡᠷᠵᠢᠭᠦᠯᠵᠦ᠂ ᠲᠦᠷᠢᠮ ᠲᠣᠭᠲᠠᠭᠠᠯ | ᠲᠣᠭᠲᠠᠭᠠᠬᠤ ᠶᠢ ᠰᠠᠶᠢᠲᠤᠷ ᠬᠢᠵᠦ᠂ ᠵᠠᠯᠠᠷᠠᠭᠤᠯᠬᠤ ᠪᠠ ᠪᠤᠢ ᠪᠣᠯᠭᠠᠬᠤ ᠶᠢ ᠵᠡᠷᠭᠡᠪᠡᠷ ᠠᠳᠬᠤᠵᠤ ᠰᠤᠷᠲᠠᠯ ᠤᠨ | ᠪᠠᠶᠢᠭᠤᠯᠤᠯᠲᠠ ᠶᠢᠨ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠠᠬᠢᠭᠤᠯᠬᠤ ᠬᠡᠷᠡᠭᠲᠡᠢ᠃ | ᠬᠤᠷᠠᠯ ᠠᠴᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠢ | ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ ᠪᠠᠶᠢᠩᠭᠤ ᠠᠳᠬᠤᠬᠤ ᠬᠡᠷᠡᠭᠲᠡᠢ᠃ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠰᠠᠶᠢᠲᠤᠷ ᠠᠳᠬᠤᠵᠤ᠂ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠶ᠃ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠠᠷᠭᠠᠴᠠᠭᠠᠬᠤ ᠦᠵᠡᠯ | ᠰᠠᠨᠠᠭ᠎ᠠ᠂ ᠪᠣᠭᠤᠮᠲᠠ ᠳᠠᠪᠠᠭ᠋ᠤ ᠰᠡᠳᠬᠢᠯᠭᠡ ᠶᠢ ᠡᠷᠡᠰ ᠲᠠᠶᠠᠭᠳᠠᠵᠤ᠂ ᠬᠡᠯᠪᠡᠷᠢ ᠶᠢᠨ ᠲᠡᠳᠦᠢ ᠬᠢᠬᠦ ᠦᠭᠡᠢ᠂ ᠬᠠᠰᠢ | ᠶᠠᠰᠢ ᠥᠩᠭᠡᠷᠡᠭᠦᠯᠬᠦ ᠦᠭᠡᠢ ᠪᠠᠶᠢᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ | ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ | ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ | ᠨᠢᠭᠡ ᠭᠤᠣᠯ ᠰᠢᠵᠢᠮ ᠳᠤ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ | ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ | ᠥᠷᠨᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠳᠤ ᠢᠯᠡᠷᠡᠭᠦᠯᠬᠦ ᠬᠡᠷᠡᠭᠲᠡᠢ᠃ ᠲᠦᠷᠦᠯ ᠬᠤᠪᠢᠶᠠᠨ ᠵᠢᠯᠣᠭᠤᠳᠬᠤ ᠪᠠ | ᠤᠬᠠᠭᠤᠯᠵᠤ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ | ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ | ᠪᠤᠰᠬᠠᠬᠤ ᠶᠢ ᠵᠣᠷᠢᠭᠵᠢᠭᠤᠯᠬᠤ ᠬᠡᠷᠡᠭᠲᠡᠢ ᠭᠡᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |