ᠭᠤᠤ ᠵᠢᠢ ᠶᠧ ᠲᠠᠯᠠᠶᠢᠬᠤᠰᠢᠭᠤ ᠰᠤᠮᠤ ᠶᠢᠨ 2024 ᠣᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/3/4
   2 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ ᠲᠠᠯᠠᠶᠢᠬᠤᠰᠢᠭᠤ ᠰᠤᠮᠤ ᠶᠢᠨ 2024 ᠣᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠪᠠ᠃

   ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠤᠱᠯᠠᠭᠤᠯᠤᠭᠰᠠᠨ ᠠᠴᠠ ᠨᠠᠭᠠᠰᠢᠬᠢ

ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠ ᠲᠤᠰ

ᠤᠳᠠᠭ᠎ᠠ ᠶᠢᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠲᠠᠯᠠᠶᠢᠬᠤᠰᠢᠭᠤ ᠰᠤᠮᠤᠨ ᠤ ᠭᠤᠣᠯ

ᠬᠠᠷᠢᠭᠤᠴᠠᠯᠭᠠᠲᠠᠨ ᠤᠳᠤᠷᠢᠳᠬᠤ ᠪᠠᠭ ᠢᠶᠠᠨ ᠲᠥᠯᠥᠭᠡᠯᠡᠨ ᠬᠠᠷᠢᠴᠠᠭᠤᠯᠤᠨ ᠪᠠᠶᠢᠴᠠᠭᠠᠵᠤ᠂ ᠪᠠᠭ ᠤᠨ ᠪᠦᠷᠢᠯᠳᠦᠬᠦᠨ

ᠨᠡᠷ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠨᠢᠭᠡᠳ ᠨᠢᠭᠡ ᠪᠠᠷ ᠥᠷᠨᠢᠭᠦᠯᠪᠡ᠃ ᠬᠤᠲᠠ ᠶᠢᠨ ᠨᠠᠮ ᠤᠨ

ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠸᠧᠶ ᠦᠨᠡᠯᠡᠯᠲᠡ ᠬᠢᠪᠠ

   ᠤᠯᠠᠨ ᠤ ᠶᠠᠷᠢᠶ᠎ᠠ ᠶᠢ ᠰᠣᠨᠣᠰᠤᠭᠰᠠᠨ ᠤ ᠲᠠᠷᠠᠭ᠎ᠠ᠂ ᠭᠤᠤ ᠵᠢᠢ ᠶᠧ᠂ ᠲᠤᠰ ᠤᠳᠠᠭ᠎ᠠ ᠶᠢᠨ ᠠᠷᠠᠳᠴᠢᠯᠠᠯ ᠤᠨ

ᠠᠮᠢᠳᠤᠷᠠᠯ ᠤᠨ ᠬᠤᠷᠠᠯ ᠤᠨ ᠪᠡᠯᠡᠳᠬᠡᠯ ᠭᠦᠢᠴᠡᠳ᠂ ᠠᠰᠠᠭᠤᠳᠠᠯ ᠢ ᠣᠨᠣᠪᠴᠢᠲᠠᠢ ᠪᠠᠶᠢᠴᠠᠭᠠᠵᠤ᠂ ᠰᠢᠯᠲᠠᠭᠠᠨ ᠢ

ᠪᠣᠳᠠᠲᠠᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠬᠦᠴᠦᠲᠡᠢ ᠪᠠᠶᠢᠵᠤ᠂ ᠨᠠᠮᠴᠢ ᠴᠢᠨᠠᠷ ᠢ ᠳᠠᠪᠲᠠᠨ

ᠪᠣᠯᠪᠠᠰᠤᠷᠠᠭᠤᠯᠬᠤ᠂ ᠪᠦᠯᠬᠦᠮᠳᠡᠯ ᠢ ᠠᠬᠢᠭᠤᠯᠬᠤ᠂ ᠠᠵᠢᠯ ᠢ ᠰᠠᠶᠢᠵᠢᠷᠠᠭᠤᠯᠬᠤ ᠦᠷ᠎ᠡ ᠪᠦᠲᠦᠮᠵᠢ ᠳᠤ ᠬᠦᠷᠦᠭᠰᠡᠨ

ᠪᠠᠶᠢᠨ᠎ᠠ ᠭᠡᠵᠦ ᠬᠡᠯᠡᠪᠡ᠃ ᠬᠤᠷᠠᠯ ᠤᠨ ᠳᠠᠷᠠᠭ᠎ᠠ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠵᠦ᠂ ᠴᠡᠭᠴᠡᠯᠡᠨ

ᠰᠠᠶᠢᠵᠢᠷᠠᠭᠤᠯᠬᠤ ︽ᠰᠡᠭᠦᠯᠴᠢ ᠶᠢᠨ ᠠᠵᠢᠯ︾ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠡᠨ ᠪᠣᠳᠠᠲᠠᠢ ᠦᠷ᠎ᠡ

ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠠᠢ᠃

   ᠭᠤᠤ ᠵᠢᠢ ᠶᠧ᠂ ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠲᠤ ᠠᠩᠬᠠᠷᠤᠯ ᠢᠶᠠᠨ

ᠲᠥᠪᠯᠡᠷᠡᠭᠦᠯᠵᠦ᠂ ᠨᠠᠮ ᠳᠠᠭᠠᠨ ᠦᠨᠡᠨᠴᠢ ᠰᠢᠳᠤᠷᠭᠤ᠂ ᠠᠵᠢᠯ ᠦᠢᠯᠡᠰ ᠲᠡᠭᠡᠨ ᠬᠠᠷᠢᠭᠤᠴᠠᠬᠤ ᠣᠪᠣᠷ ᠢᠶᠠᠷ

ᠥᠪᠡᠷ ᠢ ᠪᠠᠨ ᠦᠨᠡᠨᠬᠦ ᠪᠠᠭᠲᠠᠭᠠᠵᠤ᠂ ᠡᠭᠦᠷᠭᠡ ᠬᠠᠷᠢᠭᠤᠴᠠᠯᠭ᠎ᠠ ᠪᠠᠨ ᠪᠠᠭᠲᠠᠭᠠᠵᠤ᠂ ᠠᠵᠢᠯ ᠢᠶᠠᠨ ᠪᠠᠭᠲᠠᠭᠠᠵᠤ᠂

ᠪᠠᠷᠢᠮᠵᠢᠶ᠎ᠠ ᠲᠠᠢ ᠬᠠᠷᠢᠴᠠᠭᠤᠯᠤᠨ ᠬᠠᠷᠭᠤᠭᠤᠯᠵᠤ ᠵᠥᠷᠢᠶ᠎ᠡ ᠪᠠᠨ ᠡᠷᠢᠵᠦ᠂ ᠤᠶᠤᠨ ᠴᠢᠳᠠᠯ ᠢᠶᠠᠨ ᠲᠥᠪᠯᠡᠷᠡᠭᠦᠯᠦᠨ

ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠶᠡᠷᠦᠩᠬᠡᠶᠢᠯᠡᠭᠰᠡᠨ

ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠲᠠᠷᠢᠵᠤ ᠲᠡᠵᠢᠭᠡᠨ

ᠦᠷᠡᠵᠢᠭᠦᠯᠬᠦ᠂ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠵᠡᠷᠭᠡ ᠶᠢᠨ ᠲᠣᠭᠤᠷᠢᠨ ᠳᠤ ᠭᠠᠵᠠᠷ ᠣᠷᠣᠨ ᠤ

ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠲᠣᠰᠬᠤᠨ ᠤ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂

ᠲᠣᠰᠬᠤᠨ ᠤ ᠬᠠᠮᠲᠤ ᠶᠢᠨ ᠠᠵᠤ ᠠᠬᠤᠢ ᠶᠢ ᠲᠡᠳᠬᠦᠨ ᠪᠤᠵᠠᠭᠠᠶᠢᠷᠠᠭᠤᠯᠵᠤ᠂ ᠨᠢᠭᠡᠳᠦᠭᠡᠷ ᠬᠤᠶᠠᠳᠤᠭᠠᠷ

ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠷᠣᠰᠢᠨ ᠰᠠᠭᠤᠬᠤ ᠳᠤ

ᠲᠣᠬᠢᠷᠠᠮᠵᠢᠲᠠᠢ ᠦᠢᠯᠡᠰ ᠪᠤᠰᠬᠠᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠷᠭᠡᠨ ᠪᠦᠳᠦᠭᠡᠨ

ᠪᠠᠶᠢᠭᠤᠯᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ

ᠴᠢᠩᠭᠠᠳᠬᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ

ᠤᠳᠤᠷᠢᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠦᠵᠡᠯ ᠰᠠᠨᠠᠭᠠᠨ ᠤ ᠪᠠᠶᠢᠭᠤᠯᠤᠯᠲᠠ᠂ ᠡᠩᠨᠡᠭᠡᠨ ᠤ

ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠲᠤ ᠴᠢᠩᠭ᠎ᠠ ᠤᠯᠤᠰ ᠲᠦᠷᠦ ᠶᠢᠨ

ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡ ᠶᠢᠨ ᠡᠭᠦᠷᠭᠡᠲᠦ ᠰᠡᠳᠬᠢᠯᠭᠡ ᠪᠠᠷ ᠡᠭᠦᠷᠭᠡ ᠬᠠᠷᠢᠭᠤᠴᠠᠯᠭ᠎ᠠ ᠪᠠᠨ

ᠭᠦᠢᠴᠡᠳᠬᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠷᠭ᠎ᠠ ᠪᠦᠬᠦᠨ ᠢ ᠰᠦᠪᠡᠭᠴᠢᠯᠡᠨ ᠪᠡᠯᠡ

ᠣᠷᠣᠭᠤᠯᠤᠯᠲᠠ ᠶᠢ ᠲᠣᠭᠲᠠᠪᠤᠷᠢᠵᠢᠭᠤᠯᠵᠤ᠂ ᠲᠦᠷᠦᠯ ᠵᠦᠢᠯ ᠢ ᠠᠳᠬᠤᠵᠤ᠂ ᠠᠵᠤ ᠦᠢᠯᠡᠰ ᠢ ᠬᠥᠭᠵᠢᠭᠦᠯᠵᠦ᠂

ᠥᠭᠡᠷᠡᠴᠢᠯᠡᠯᠲᠡ ᠶᠢ ᠠᠬᠢᠭᠤᠯᠵᠤ᠂ ᠬᠡᠷᠡᠭᠯᠡᠭᠡ ᠶᠢ ᠥᠷᠭᠡᠳᠬᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂

ᠲᠣᠭᠲᠠᠭᠤᠨ ᠢ ᠪᠠᠲᠤᠯᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ

ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号