ᠰᠦᠨ ᠸᠧᠢ ᠨᠠᠨ ᠬᠤᠲᠠ ᠶᠢᠨ ᠳᠡᠳ᠋ ᠳᠠᠷᠤᠭ᠎ᠠ ᠬᠤᠤᠯᠢᠩᠭᠤᠤᠯ ᠬᠤᠲᠠ ᠶᠢᠨ ᠪᠣᠬᠢᠷ ᠤᠰᠤ ᠶᠢ ᠰᠢᠢᠳᠪᠦᠷᠢᠯᠡᠬᠦ ᠵᠢᠴᠢ ᠬᠤᠭᠤᠯᠠᠢ ᠲᠣᠣᠷ ᠤᠨ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/4/1
    ᠣᠶᠢᠷ᠎ᠠ ᠳᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠰᠦᠨ ᠸᠧᠶ ᠨᠠᠨ ᠪᠦᠯᠬᠦᠮ ᠳᠠᠭᠠᠭᠤᠯᠤᠨ ᠮᠠᠨ ᠤ ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠠᠯᠳᠠᠨ ᠵᠡᠭᠡᠯᠢ ᠶᠢᠨ ᠪᠣᠬᠢᠷ ᠤᠰᠤᠨ ᠤ ᠬᠤᠭᠤᠯᠠᠶ ᠶᠢᠨ ᠲᠣᠤᠷ ᠢ ᠥᠭᠡᠷᠡᠴᠢᠯᠡᠬᠦ ᠲᠥᠷᠥᠯ ᠵᠦᠢᠯ ᠵᠢᠴᠢ ᠨᠢᠭᠡᠨ ᠲᠣᠭᠤᠰᠬ᠎ᠠ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠵᠦ᠂ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠶᠠᠩ ᠵᠢᠶᠠᠨ ᠭᠦᠸᠧ᠂ ᠳᠡᠳ᠋ ᠲᠣᠪᠴᠢᠶᠠᠨ ᠳᠠᠷᠤᠭ᠎ᠠ ᠵᠣᠣ ᠶᠤᠸᠠᠨ ᠹᠸᠢ ᠵᠢᠴᠢ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠰᠦᠨ ᠸᠧᠶ ᠨᠠᠨ ᠬᠤᠲᠠ ᠶᠢᠨ ᠳᠡᠳ᠋ ᠳᠠᠷᠤᠭ᠎ᠠ ᠨᠠᠷ ᠡᠩ ᠲᠡᠷᠢᠭᠦᠨ ᠳᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠬᠦᠷᠴᠦ᠂ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠣᠬᠢᠷ ᠤᠰᠤ ᠰᠢᠢᠳᠪᠦᠷᠢᠯᠡᠬᠦ ᠤᠷᠠᠯᠠᠯ᠂ ᠡᠳᠦᠷ ᠤᠨ ᠰᠢᠢᠳᠪᠦᠷᠢᠯᠡᠬᠦ ᠴᠢᠳᠠᠪᠤᠷᠢ ᠵᠢᠴᠢ ᠤᠰᠤ ᠭᠠᠷᠭᠠᠬᠤ ᠤᠰᠤᠨ ᠤ ᠴᠢᠨᠠᠷ ᠤᠨ ᠪᠠᠷᠢᠮᠵᠢᠶ᠎ᠠ ᠵᠡᠷᠭᠡ ᠵᠠᠩᠭᠢᠯᠠᠭ᠎ᠠ ᠶᠢᠨ ᠬᠦᠢᠴᠡᠳᠬᠡᠯ ᠲᠤᠭ᠎ᠠ ᠶᠢ ᠨᠠᠷᠢᠨ ᠠᠰᠠᠭᠤᠨ ᠯᠠᠪᠯᠠᠵᠠᠶ᠃ ᠲᠡᠷᠡ ᠵᠢᠭᠠᠵᠤ ᠭᠠᠷᠭᠠᠭᠰᠠᠨ ᠨᠢ᠂ ᠪᠣᠬᠢᠷ ᠤᠰᠤ ᠶᠢ ᠰᠢᠢᠳᠪᠦᠷᠢᠯᠡᠬᠦ ᠪᠣᠯ ᠬᠤᠳᠠ ᠶᠢᠨ ᠤᠰᠤᠨ ᠤ ᠣᠷᠴᠢᠨ ᠲᠣᠭᠤᠷᠢᠨ ᠢ ᠵᠠᠰᠠᠬᠤ ᠴᠢᠬᠤᠯᠠ ᠭᠤᠭᠴᠤᠭ᠎ᠠ ᠪᠣᠯᠤᠨ᠎ᠠ᠂ ᠡᠷᠬᠡᠪᠰᠢ ᠠᠵᠢᠯ ᠤᠨ ᠳᠡᠰ ᠳᠠᠷᠠᠭᠠᠯᠠᠯ ᠨᠢᠭᠡᠪᠦᠷᠢ ᠶᠢ ᠴᠢᠩᠭ᠎ᠠ ᠪᠠᠷᠢᠮᠵᠢᠶ᠎ᠠ ᠳᠤ ᠬᠦᠷᠭᠡᠬᠦ ᠶᠢ ᠪᠠᠲᠤᠯᠠᠬᠤ ᠬᠡᠷᠡᠭᠲᠡᠢ᠃ ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠶᠢᠨ ᠵᠡᠭᠡᠯᠢ ᠶᠢᠨ ᠪᠣᠬᠢᠷ ᠤᠰᠤᠨ ᠤ ᠬᠤᠭᠤᠯᠠᠢ ᠲᠣᠣᠷ ᠢ ᠥᠭᠡᠷᠡᠴᠢᠯᠡᠬᠦ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠡᠢ᠃ ᠬᠤᠲᠠ ᠶᠢᠨ ᠳᠡᠳ᠋ ᠳᠠᠷᠤᠭ᠎ᠠ ᠰᠦᠨ ᠸᠧᠶ ᠨᠠᠨ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢᠨ ᠠᠬᠢᠴᠠ ᠶᠢ ᠨᠠᠷᠢᠨ ᠪᠠᠶᠢᠴᠠᠭᠠᠨ ᠦᠵᠡᠵᠦ᠂ ᠪᠠᠷᠢᠯᠭ᠎ᠠ ᠶᠢᠨ ᠨᠢᠭᠡᠴᠡ ᠶᠢᠨ ᠪᠠᠷᠢᠯᠭ᠎ᠠ ᠶᠢᠨ ᠬᠤᠭᠤᠴᠠᠭᠠᠨ ᠤ ᠲᠣᠬᠢᠷᠠᠭᠤᠯᠤᠯᠲᠠ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ ᠴᠢᠬᠤᠯᠠᠴᠢᠯᠠᠭᠰᠠᠨ ᠨᠢ᠂ ᠪᠣᠬᠢᠷ ᠤᠰᠤᠨ ᠤ ᠬᠤᠭᠤᠯᠠᠶ ᠶᠢᠨ ᠲᠣᠤᠷ ᠢ ᠥᠭᠡᠷᠡᠴᠢᠯᠡᠬᠦ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ ᠪᠥᠭᠡᠳ ᠪᠠᠰᠠ ᠴᠤ ᠣᠷᠴᠢᠨ ᠠᠬᠤᠶ ᠶᠢᠨ ᠬᠠᠮᠠᠭᠠᠯᠠᠯᠲᠠ ᠶᠢᠨ ᠢᠨᠵᠧᠨᠧᠷᠢᠩ ᠮᠥᠨ᠂ ᠪᠠᠷᠢᠯᠭ᠎ᠠ ᠶᠢᠨ ᠠᠬᠢᠴᠠ ᠶᠢ ᠪᠠᠲᠤᠯᠠᠬᠤ ᠶᠢᠨ ᠬᠠᠮᠲᠤ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠶ᠃ ᠨᠢᠭᠡᠨ ᠲᠣᠭᠤᠰᠬ᠎ᠠ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠲᠤ᠂ ᠰᠦᠨ ᠸᠧᠶ ᠨᠠᠨ ᠬᠤᠲᠠ ᠶᠢᠨ ᠳᠡᠳ᠋ ᠳᠠᠷᠤᠭ᠎ᠠ ᠪᠠᠷᠢᠯᠭ᠎ᠠ ᠶᠢᠨ ᠠᠮᠤᠷ ᠲᠦᠪᠰᠢᠨ ᠪᠠ ᠭᠤᠤᠯ ᠤᠨ ᠵᠠᠮ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠠᠩᠬᠠᠷᠪᠠ᠃ ᠲᠡᠷᠡ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠢᠨ ᠠᠵᠢᠯᠲᠠᠳ ᠲᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠴᠢᠨ ᠤ ᠠᠮᠤᠷ ᠲᠦᠪᠰᠢᠨ ᠤ ᠪᠣᠯᠪᠠᠰᠤᠷᠠᠯ ᠢ ᠴᠢᠩᠭᠠᠳᠬᠠᠵᠤ᠂ ᠪᠠᠷᠢᠯᠭ᠎ᠠ ᠶᠢᠨ ᠠᠵᠢᠯ ᠤᠨ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃    ᠡᠭᠦᠨ ᠤ ᠬᠠᠮᠲᠤ᠂ ᠰᠦᠨ ᠸᠧᠶ ᠨᠠᠨ ᠬᠤᠲᠠ ᠶᠢᠨ ᠳᠡᠳ᠋ ᠳᠠᠷᠤᠭ᠎ᠠ ᠲᠠᠷᠠᠭᠠᠴᠢ ᠶᠢᠨ ᠠᠯᠬᠤᠮ ᠤᠨ ᠠᠵᠢᠯ ᠳᠤ ᠭᠤᠷᠪᠠᠨ ᠱᠠᠭᠠᠷᠳᠠᠯᠭ᠎ᠠ ᠳᠤᠷᠠᠳᠪᠠ᠄ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠎ᠠ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ ᠬᠠᠮᠢᠶ᠎ᠠ ᠪᠦᠬᠦᠢ ᠠᠵᠤ ᠠᠬᠤᠶᠢᠯᠠᠯ ᠤᠳ ᠪᠣᠬᠢᠷ ᠤᠰᠤ ᠶᠢ ᠰᠢᠢᠳᠪᠦᠷᠢᠯᠡᠬᠦ ᠪᠠ ᠬᠤᠭᠤᠯᠠᠶ ᠶᠢᠨ ᠲᠣᠤᠷ ᠢ ᠥᠭᠡᠷᠡᠴᠢᠯᠡᠬᠦ ᠠᠵᠢᠯ ᠤᠨ ᠬᠤᠲᠠ ᠶᠢᠨ ᠦᠷᠭᠦᠯᠵᠢᠯᠡᠬᠦ ᠬᠥᠭᠵᠢᠯᠲᠡ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠨᠴᠠᠭᠠᠶᠢᠯᠠᠨ ᠨᠠᠮᠬᠠᠳᠬᠠᠬᠤ ᠴᠥᠭᠦᠷᠥᠮ ᠤᠨ ᠪᠠᠭᠲᠠᠭᠠᠮᠵᠢ ᠶᠢ ᠥᠷᠭᠡᠳᠬᠡᠬᠦ ᠪᠠ ᠪᠣᠬᠢᠷ ᠰᠢᠪᠠᠷ ᠤᠨ ᠤᠰᠤ ᠦᠭᠡᠶᠢᠳᠡᠭᠦᠯᠬᠦ ᠮᠡᠷᠭᠡᠵᠢᠯ ᠤᠨ ᠳᠡᠰ ᠳᠡᠪᠰᠢᠬᠦ ᠶᠢ ᠣᠨᠴᠠᠭᠠᠶᠢᠯᠠᠨ ᠴᠢᠬᠤᠯᠠᠴᠢᠯᠠᠵᠤ᠂ ᠤᠰᠤ ᠭᠠᠷᠬᠤ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠪᠡ᠃ ᠣᠨ ᠤ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠬᠤ ᠬᠡᠷᠡᠭᠲᠡᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠭᠠᠷᠠᠭ ᠤᠨ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠪᠠᠷᠢᠯᠭ᠎ᠠ ᠪᠠᠷᠢᠬᠤ ᠳᠤᠮᠳᠠᠬᠢ ᠬᠦᠴᠢᠷ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠪᠣᠷᠣᠭᠠᠨ ᠤ ᠤᠯᠠᠷᠢᠯ ᠳᠤ ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠷᠢᠳᠴᠢᠯᠠᠨ ᠲᠣᠭᠲᠠᠭᠠᠵᠤ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠠᠮᠤᠷ ᠲᠦᠪᠰᠢᠨ ᠤ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ ᠠᠶᠤᠯᠭᠦᠢ ᠦᠢᠯᠡᠳᠪᠦᠷᠢᠯᠡᠯ ᠤᠨ ︽ᠭᠤᠷᠪᠠ ᠶᠢ ᠬᠠᠮᠲᠤ ᠳᠤᠨᠢ ᠬᠢᠬᠦ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠪᠠ᠃ ᠬᠤᠭᠤᠯᠠᠢ ᠲᠣᠣᠷ ᠢ ᠥᠭᠡᠷᠡᠴᠢᠯᠡᠬᠦ ᠶᠠᠪᠤᠴᠠ ᠳᠤ ᠨᠡᠪᠴᠢᠬᠦ ᠶᠢ ᠰᠡᠷᠭᠡᠶᠢᠯᠡᠬᠦ᠂ ᠭᠤᠭᠤᠵᠢᠬᠤ ᠶᠢ ᠰᠡᠷᠭᠡᠶᠢᠯᠡᠬᠦ ᠤᠷ᠎ᠠ ᠮᠡᠷᠭᠡᠵᠢᠯ ᠢ ᠬᠡᠷᠡᠭᠯᠡᠵᠦ᠂ ᠪᠣᠢ ᠪᠦᠬᠦᠢ ᠪᠠᠷᠢᠯᠭ᠎ᠠ ᠶᠢᠨ ᠬᠠᠶᠠᠭᠳᠠᠮᠠᠯ ᠤᠰᠤ ᠶᠢ ᠡᠷᠬᠡᠪᠰᠢ ᠰᠢᠢᠳᠪᠦᠷᠢᠯᠡᠭᠰᠡᠨ ᠤ ᠳᠠᠷᠠᠭ᠎ᠠ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠵᠤ᠂ ᠭᠤᠣᠯ ᠤᠨ ᠵᠠᠮ ᠤᠨ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠦᠨᠡᠨᠬᠦ ᠬᠠᠮᠠᠭᠠᠯᠠᠬᠤ ᠬᠡᠷᠡᠭᠲᠡᠢ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠶᠠᠩ ᠵᠢᠶᠠᠨ ᠭᠦᠸᠧ ᠢᠯᠡᠷᠬᠡᠶᠢᠯᠡᠬᠦ ᠳᠡᠭᠡᠨ᠂ ᠰᠦᠨ ᠬᠤᠲᠠ ᠶᠢᠨ ᠳᠠᠷᠤᠭ᠎ᠠ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠳᠠᠷᠤᠶ ᠳᠤᠨᠢ ᠨᠠᠶᠢᠳᠠᠪᠤᠷᠢᠵᠢᠭᠤᠯᠵᠤ᠂ ᠠᠰᠠᠭᠤᠳᠠᠯ ᠤᠨ ᠨᠠᠷᠢᠨ ᠲᠠᠩᠰᠠ ᠪᠠ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠡᠯ᠎ᠡ ᠵᠦᠢᠯ ᠤᠨ ᠱᠠᠭᠠᠷᠳᠠᠯᠭ᠎ᠠ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ ᠭᠡᠵᠡᠶ᠃ ᠡᠭᠦᠨ ᠤ ᠬᠠᠮᠲᠤ ᠬᠢᠨᠠᠨ ᠵᠢᠯᠣᠭᠤᠳᠴᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠤᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠳᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠤ ᠲᠤᠬᠠᠢ ᠰᠢᠨ᠎ᠡ ᠬᠦᠰᠡᠯ ᠡᠷᠡᠮᠡᠯᠵᠡᠯ ᠳᠤ ᠬᠠᠷᠢᠭᠤᠯᠲᠠ ᠦᠭᠬᠦ ᠬᠡᠷᠡᠭᠳᠠᠢ᠃
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号