ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠦᠬᠦ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠰᠢᠰᠲ᠋ᠧᠮ ᠤᠨ ᠠᠵᠢᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/1
  3 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠥᠬᠦ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠰᠢᠰᠲ᠋ᠧᠮ ᠤᠨ ᠠᠵᠢᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ ᠠᠵᠢᠯᠴᠢᠨ᠂ ᠰᠤᠮᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ ᠠᠵᠢᠯᠲᠠᠨ ᠨᠡᠶᠢᠲᠡ 40 ᠭᠠᠷᠤᠶ ᠬᠥᠮᠦᠨ ᠬᠤᠷᠠᠯ ᠳᠤ ᠣᠷᠣᠯᠴᠠᠪᠠ᠃
    ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠭᠰᠠᠨ ᠪᠥᠭᠡᠳ 2025 ᠣᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃

    ᠬᠤᠷᠠᠯ ᠠᠴᠠ᠂ 2024 ᠣᠨ ᠳᠤ ᠪᠦᠬᠦ ᠬᠤᠳᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ

ᠶᠠᠪᠤᠳᠠᠯ ᠤᠨ ᠠᠵᠢᠯ ᠨᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ

ᠳᠣᠣᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ

ᠭᠤᠣᠯ ᠰᠢᠵᠢᠮ ᠪᠣᠯᠭᠠᠵᠤ᠂ ᠰᠠᠭᠤᠷᠢ ᠶᠢ ᠪᠠᠲᠤᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂

ᠬᠥᠭᠵᠢᠯᠲᠡ ᠶᠢ ᠠᠬᠢᠭᠤᠯᠵᠤ᠂ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ

ᠦᠭᠡᠢ ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠲᠦᠷᠦ ᠶᠢᠨ ᠪᠤᠳᠤᠯᠭ᠎ᠠ ᠶᠢᠨ

ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠰᠢᠨ᠎ᠡ ᠠᠬᠢᠴᠠ ᠰᠢᠨ᠎ᠡ ᠠᠮᠵᠢᠯᠲᠠ ᠤᠯᠪᠠ᠃

   ᠬᠤᠷᠠᠯ ᠠᠴᠠ᠂ 2025 ᠣᠨ ᠳᠤ ᠪᠦᠬᠦ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ

ᠶᠠᠪᠤᠳᠠᠯ ᠤᠨ ᠠᠵᠢᠯ ᠨᠢ ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ

ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ᠤᠯᠤᠰ ᠲᠥᠷᠥ ᠶᠢ ᠡᠷᠬᠢᠮᠯᠡᠬᠦ᠂ ᠰᠤᠷᠲᠠᠯ ᠢᠶᠠᠨ ᠬᠤᠪᠢᠷᠠᠭᠤᠯᠬᠤ᠂ ᠴᠢᠳᠠᠪᠤᠷᠢ ᠪᠠᠨ

ᠳᠡᠭᠡᠭᠰᠢᠯᠡᠭᠦᠯᠬᠦ᠂ ᠰᠠᠬᠢᠯᠭ᠎ᠠ ᠪᠠᠲᠤ ᠶᠢ ᠰᠠᠬᠢᠬᠤ ᠪᠠᠷ ᠭᠠᠷᠳᠠᠴᠠ ᠪᠣᠯᠭᠠᠵᠤ᠂ ᠺᠠᠳ᠋ᠷ ᠤᠨ ᠡᠩᠨᠡᠭᠡᠨ ᠤ

ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠰᠠᠶᠢᠲᠤᠷ

ᠬᠦᠯᠢᠶᠡᠨ ᠠᠪᠴᠤ ᠲᠥᠪᠬᠢᠨᠡᠭᠦᠯᠬᠦ᠂ ᠰᠠᠶᠢᠲᠤᠷ ᠦᠢᠯᠡᠴᠢᠯᠡᠨ ᠪᠠᠲᠤᠯᠠᠵᠤ᠂ ᠰᠠᠶᠢᠲᠤᠷ ᠬᠥᠮᠦᠵᠢᠭᠦᠯᠦᠨ ᠬᠠᠮᠢᠶᠠᠷᠴᠤ᠂

ᠦᠢᠯᠡᠳᠦᠯ ᠢ ᠨᠢ ᠰᠠᠶᠢᠲᠤᠷ ᠪᠠᠳᠠᠷᠠᠭᠤᠯᠵᠤ᠂ ᠡᠷᠬᠡ ᠠᠰᠢᠭ ᠢᠶᠠᠨ ᠰᠠᠶᠢᠲᠤᠷ ᠬᠠᠮᠠᠭᠠᠯᠠᠵᠤ᠂ ᠪᠦᠬᠦ ᠬᠤᠲᠠ ᠶᠢᠨ

ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ

ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

   ᠬᠤᠷᠠᠯ ᠤᠨ ᠳᠠᠷᠠᠭ᠎ᠠ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ᠂

ᠴᠡᠷᠢᠭ ᠢᠶᠠᠨ ᠬᠦᠷᠢᠶᠡᠯᠡᠨ ᠬᠠᠷᠠᠭᠠᠯᠵᠠᠨ ᠰᠠᠶᠢᠰᠢᠶᠠᠬᠤ ᠲᠠᠰᠤᠭ ᠤᠨ ᠬᠠᠷᠢᠭᠤᠴᠠᠯᠭᠠᠲᠠᠨ ︽ᠪᠥᠬᠦᠳᠡ ᠨᠠᠶᠢᠷᠠᠮᠳᠠᠬᠤ

ᠳᠤᠮᠳᠠᠳᠤ ᠠᠷᠠᠳ ᠤᠯᠤᠰ ᠤᠨ ᠴᠡᠷᠢᠭ ᠠᠴᠠ ᠬᠠᠯᠠᠭᠳᠠᠭᠰᠠᠳ ᠢ ᠪᠠᠲᠤᠯᠠᠬᠤ ᠬᠠᠤᠯᠢ︾᠂ ︽ᠴᠡᠷᠢᠭ ᠠᠴᠠ

ᠬᠠᠯᠠᠭᠳᠠᠭᠰᠠᠳ ᠢ ᠲᠥᠪᠬᠢᠨᠡᠭᠦᠯᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠲᠠᠶᠢᠯᠤᠮᠵᠢ

ᠬᠢᠭᠰᠡᠨ ᠪᠥᠭᠡᠳ ᠴᠡᠷᠢᠭ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠬᠠᠮᠢᠶ᠎ᠠ ᠪᠥᠬᠦᠶ

ᠠᠵᠢᠯ ᠤᠨ ᠲᠤᠬᠠᠶ ᠲᠤᠰᠬᠠᠶ ᠰᠡᠳᠦᠪᠲᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠥᠷᠨᠢᠭᠦᠯᠵᠦ᠂ ᠡᠯ᠎ᠡ

ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠡᠯ᠎ᠡ ᠵᠦᠢᠯ ᠤᠨ ᠲᠤᠬᠠᠶᠢᠯᠠᠭᠰᠠᠨ ᠠᠵᠢᠯ ᠤᠨ

ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号