4 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ | ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ | ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ | ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾᠂ ︽ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ | ᠨᠠᠷᠢᠨ ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠤᠨ ᠨᠠᠷᠢᠨ ᠲᠠᠩᠰᠠ︾᠂ ︽ᠳᠠᠯᠳᠠ | ᠤᠷᠪᠠᠭᠰᠠᠨ ᠰᠤᠷᠲᠠᠯ ᠤᠨ ᠠᠰᠠᠭᠤᠳᠠᠯ ᠤᠨ ᠨᠠᠷᠢᠨ ᠲᠠᠩᠰᠠ︾᠂ ︽ᠲᠥᠪ ᠤᠨ ᠨᠠᠢᠮᠠᠨ ᠲᠣᠭᠲᠠᠭᠠᠯ ᠵᠢᠴᠢ | ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ︾ | ᠂ ᠰᠦᠨ ᠱᠤᠤ ᠴᠧᠩ ᠤᠨ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ | ᠰᠤᠷᠭᠠᠭᠤᠯᠢ︶ ᠶᠢᠨ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ | ᠡᠬᠢᠯᠡᠬᠦ ᠶᠣᠰᠣᠯᠠᠯ ᠳᠡᠭᠡᠷᠡᠬᠢ ᠶᠠᠷᠢᠶ᠎ᠠ ᠵᠡᠷᠭᠡ ᠠᠭᠤᠯᠭ᠎ᠠ ᠶᠢ ᠬᠠᠮᠲᠤ ᠪᠠᠷ ᠰᠤᠷᠤᠯᠴᠠᠭᠰᠠᠨ ᠪᠥᠭᠡᠳ ︽ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠯᠢᠳᠡᠭ ᠰᠤᠷᠲᠠᠯ ᠢᠶᠠᠷ ᠴᠢᠨᠠᠷ | ᠰᠠᠶᠢᠲᠠᠶ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ︾ ᠭᠤᠤᠯ ᠰᠡᠳᠦᠪ ᠤᠨ ᠲᠣᠭᠤᠷᠢᠨ ᠳᠤ ᠰᠤᠳᠤᠯᠤᠨ | ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠭᠤᠤ ᠵᠢᠢ ᠶᠧ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭᠠᠨ ᠤ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠤᠢᠢᠯᠠᠭᠠᠨ ᠨᠠᠶᠢᠳᠠᠪᠤᠷᠢᠵᠢᠭᠤᠯᠵᠤ᠂ | ᠨᠠᠮ ᠤᠨ ᠰᠢᠨ᠎ᠡ ᠶᠢ ᠡᠭᠦᠳᠬᠦ ᠤᠨᠤᠯ ᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠰᠤᠷᠤᠯᠴᠠᠯᠭ᠎ᠠ ᠶᠢᠨ | ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠦᠨᠡᠨ ᠪᠣᠳᠠᠲᠠᠢ ᠠᠵᠢᠯ ᠤᠨ | ᠦᠷ᠎ᠡ ᠪᠦᠲᠦᠮᠵᠢ ᠪᠠᠷ ᠤᠯᠠᠨ ᠲᠦᠮᠡᠨ ᠤ ᠵᠥᠪᠰᠢᠶᠡᠷᠡᠯ ᠢ ᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠤᠷᠤᠯᠴᠠᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ | ᠠᠷᠭ᠎ᠠ ᠬᠡᠯᠪᠡᠷᠢ ᠶᠢ ᠴᠢᠬᠤᠯᠠᠴᠢᠯᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠡᠵᠡᠮᠳᠡᠵᠦ᠂ | ᠰᠤᠷᠤᠯᠴᠠᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠤᠨ ᠰᠢᠰᠲ᠋ᠧᠮᠲᠦ ᠴᠢᠨᠠᠷᠲᠠᠢ ᠬᠠᠨᠳᠤᠯᠭᠠᠲᠤ ᠴᠢᠨᠠᠷ ᠢ | ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠳᠤᠮᠳᠠ ᠰᠤᠷᠲᠠᠯ ᠤᠨ ᠪᠠᠶᠢᠭᠤᠯᠤᠯᠲᠠ ᠶᠢᠨ ᠦᠵᠡᠯ ᠰᠠᠨᠠᠭᠠᠨ ᠤ | ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠰᠤᠷᠴᠤ ᠬᠡᠷᠡᠭᠯᠡᠬᠦ ᠶᠢ ᠤᠶᠠᠯᠳᠤᠭᠤᠯᠵᠤ᠂ ᠪᠣᠳᠠᠲᠠᠢ ᠠᠵᠢᠯᠯᠠᠬᠤ ᠶᠢ | ᠲᠡᠷᠢᠭᠦᠨ ᠳᠤ ᠲᠠᠯᠪᠢᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠢᠯ ᠤᠨ ᠴᠢᠨᠠᠷ ᠴᠢᠨᠰᠠᠭ᠎ᠠ ᠦᠷ᠎ᠡ | ᠪᠦᠲᠦᠮᠵᠢ ᠶᠢ ᠳᠡᠭᠡᠭᠰᠢᠯᠡᠭᠦᠯᠬᠦ᠂ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ | ᠦᠨᠡᠨᠬᠦ ᠢᠯᠡᠷᠡᠭᠦᠯᠵᠦ᠂ ᠲᠤᠬᠠᠶᠢᠯᠠᠭᠰᠠᠨ ᠠᠵᠢᠯ ᠪᠣᠯᠤᠨ ᠰᠤᠷᠤᠯᠴᠠᠯᠭ᠎ᠠ ᠬᠥᠮᠦᠵᠢᠯ ᠤᠨ ︽ᠬᠤᠶᠠᠷ ᠢ ᠰᠠᠭᠠᠲᠠᠭᠠᠬᠤ | ᠦᠭᠡᠢ᠂ ᠬᠤᠶᠠᠷ ᠢ ᠠᠬᠢᠭᠤᠯᠬᠤ︾ ᠶᠢ ᠴᠢᠷᠮᠠᠶᠢᠨ ᠪᠡᠶᠡᠯᠡᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ | ᠪᠦᠲᠦᠮᠵᠢ ᠪᠠᠷ ᠠᠵᠢᠯ ᠬᠢᠵᠦ ᠦᠢᠯᠡᠰ ᠪᠤᠰᠬᠠᠬᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠠᠭᠤᠯᠭ᠎ᠠ ᠶᠢ ᠰᠤᠷᠤᠯᠴᠠᠪᠠ᠃ |