ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ 127 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/15
   4 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ 127 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠪᠦᠬᠦ ᠤᠯᠤᠰ᠂ ᠪᠦᠬᠦ ᠣᠷᠣᠨ᠂ ᠲᠦᠩᠯᠢᠶᠣᠤ ᠬᠤᠳᠠ ᠶᠢᠨ ᠤᠬᠠᠭᠤᠯᠬᠤ ᠬᠡᠯᠲᠡᠰ ᠤᠨ ᠳᠠᠷᠤᠭ᠎ᠠ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠲᠦᠩᠯᠢᠶᠣᠤ ᠬᠤᠳᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠢᠴᠢ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ ᠠᠬᠢᠭᠤᠯᠬᠤ ᠬᠤᠣᠰ ᠰᠠᠷ᠎ᠠ ᠶᠢᠨ ᠲᠣᠭᠠᠴᠢᠯᠲᠠ ᠶᠢᠨ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃    ᠭᠤᠤ ᠵᠢᠢ ᠶᠧ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠪᠣᠳᠠᠲᠠᠢ ᠲᠠᠯᠠᠪᠤᠷ᠂ ᠴᠡᠭ ᠪᠠᠶᠢᠷᠢ ᠳᠤ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠢ ᠬᠥᠮᠦᠰ᠂ ᠠᠵᠢᠯ ᠤᠨ ᠪᠠᠶᠢᠷᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠷᠠᠯᠵᠢᠶᠠᠴᠢᠨ ᠤᠷᠢᠬᠤ᠂ ᠲᠦᠷᠦᠯ ᠵᠦᠢᠯ ᠪᠠᠶᠢᠭᠤᠯᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠵᠣᠬᠢᠶᠠᠨ ᠪᠠᠶᠢᠭᠤᠯᠤᠨ ᠳᠠᠶᠢᠴᠢᠯᠠᠬᠤ ᠶᠢ ᠴᠢᠩᠭᠠᠳᠬᠠᠵᠤ᠂ ᠲᠤᠬᠢᠷᠠᠭᠤᠯᠬᠤ ᠲᠣᠭᠲᠠᠴᠠ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠢᠴᠢ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠲᠠᠯ᠎ᠠ ᠪᠠᠷ ᠢᠯᠡᠳᠲᠡ ᠳᠡᠭᠡᠭᠰᠢᠯᠡᠭᠦᠯᠬᠦ ᠶᠢ ᠪᠡᠶᠡᠯᠡᠭᠦᠯᠵᠦ᠂ ︽ᠠᠵᠤ ᠦᠢᠯᠡᠳᠪᠦᠷᠢ ᠶᠢᠨ ᠬᠤᠤᠯᠢᠩᠭᠤᠤᠯ ᠢ ᠲᠠᠬᠢᠨ ᠪᠠᠶᠢᠭᠤᠯᠬᠤ︾ ᠬᠠᠷᠠᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠢᠯᠵᠠᠷᠠᠬᠤ ᠵᠣᠷᠢᠭ ᠦᠭᠡᠢ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠡᠢ᠃    ᠬᠤᠷᠠᠯ ᠠᠴᠠ ᠪᠠᠰᠠ ᠪᠤᠰᠤᠳ ᠠᠭᠤᠯᠭ᠎ᠠ ᠶᠢ ᠰᠤᠳᠤᠯᠵᠠᠢ᠃  
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号