2025 ᠤᠨ ᠪᠣᠯᠬᠤ ᠳᠤ ᠬᠤᠤᠯᠢᠩᠭᠤᠤᠯ ᠬᠤᠲᠠ 4500 ᠭᠠᠷᠤᠶ ᠡᠷᠦᠬᠡ ᠰᠢᠲᠠᠮᠠᠬᠠᠶ ᠬᠡᠶ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2025/4/17
    ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢ ᠠᠷᠠᠳ ᠤᠯᠠᠨ ᠤ ᠪᠤᠶᠠᠨ ᠵᠢᠷᠭᠠᠯ ᠲᠠᠢ ᠬᠤᠯᠪᠣᠭᠳᠠᠨ᠎ᠠ᠃ 4 ᠰᠠᠷ᠎ᠠ ᠶᠢᠨ 15 ᠤ ᠡᠳᠦᠷ᠂ ᠰᠤᠷᠪᠤᠯᠵᠢᠯᠠᠭᠴᠢ ᠬᠤᠤᠯᠢᠩᠭᠤᠤᠯ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠨᠢ᠂ 2025 ᠣᠨ ᠳᠤ᠂ ᠬᠤᠤᠯᠢᠩᠭᠤᠤᠯ ᠬᠤᠲᠠ 4500 ᠭᠠᠷᠤᠶ ᠡᠷᠦᠬᠡ ᠰᠢᠲᠠᠮᠠᠬᠠᠶ ᠬᠡᠢ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ︽ᠬᠠᠲᠠᠭᠤ ᠴᠥᠮ᠎ᠡ︾ ᠶᠢᠨ ᠠᠷᠭ᠎ᠠ ᠬᠡᠮᠵᠢᠶ᠎ᠡ ᠪᠠᠷ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃    ᠣᠶᠢᠷ᠎ᠠ ᠶᠢᠨ ᠵᠢᠯ ᠤᠳ ᠲᠤ᠂ ᠬᠤᠲᠠ ᠶᠢᠨ ᠬᠥᠭᠵᠢᠯᠲᠡ ᠶᠢ ᠳᠠᠭᠠᠯᠳᠤᠨ᠂ ᠬᠡᠰᠡᠭ ᠵᠢᠵᠢᠭ ᠲᠣᠭᠤᠷᠢᠭ ᠤᠨ ᠰᠢᠲᠠᠮᠠᠬᠠᠶ ᠬᠡᠶ ᠶᠢᠨ ᠬᠤᠭᠤᠯᠠᠶ ᠭᠤᠤᠷᠰᠤ ᠬᠠᠭᠤᠴᠢᠷᠠᠬᠤ᠂ ᠨᠡᠭᠡᠯᠡᠬᠡᠢ ᠶᠢᠨ ᠪᠡᠯᠡᠳᠬᠡᠮᠵᠢ ᠬᠠᠭᠤᠴᠢᠷᠠᠬᠤ᠂ ᠥᠨᠳᠥᠷ ᠪᠠᠷᠢᠯᠭ᠎ᠠ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠪᠠᠲᠤᠯᠠᠭ᠎ᠠ ᠬᠦᠷᠦᠯᠴᠡᠬᠦ ᠥᠬᠡᠶ ᠵᠡᠷᠭᠡ ᠠᠰᠠᠭᠤᠳᠠᠯ ᠠᠯᠬᠤᠮ ᠠᠯᠬᠤᠮ ᠢᠶᠠᠷ ᠢᠯᠡᠷᠡᠵᠦ ᠪᠠᠶᠢᠨ᠎ᠠ᠃ ᠣᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ 2025 ᠣᠨ ᠳᠤ ᠰᠢᠲᠠᠮᠠᠬᠠᠶ ᠬᠡᠢ ᠶᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠨᠢ ᠭᠤᠷᠪᠠᠨ ᠵᠦᠢᠯ ᠤᠨ ᠡᠭᠦᠷᠭᠡ ᠶᠢ ᠭᠤᠤᠯᠳᠠᠯᠭ᠎ᠠ ᠲᠠᠢ ᠠᠬᠢᠭᠤᠯᠬᠤ ᠪᠠᠷ ᠪᠠᠶᠢᠨ᠎ᠠ᠄ ᠨᠢᠭᠡ ᠳᠤ᠂ ᠤᠰᠤᠨ ᠤ ᠡᠷᠭᠢ ᠶᠢᠨ ᠨᠡᠷᠡᠲᠦ ᠬᠤᠲᠠ᠂ ᠠᠵᠢᠯ ᠦᠢᠯᠡᠰ ᠤᠨ ᠳᠡᠭᠡᠳᠦ ᠳᠠᠪᠬᠤᠷᠭ᠎ᠠ᠂ ᠢᠦᠢ ᠱᠦᠢ ᠮᠢᠩ ᠵᠦ ᠵᠡᠷᠭᠡ 9 ᠵᠢᠵᠢᠭ ᠲᠣᠭᠤᠷᠢᠭ ᠲᠤ ᠰᠢᠲᠠᠮᠠᠬᠠᠶ ᠬᠡᠢ ᠶᠢᠨ ᠬᠤᠭᠤᠯᠠᠶ ᠶᠢᠨ ᠰᠢᠰᠲ᠋ᠧᠮ ᠤᠨ ᠰᠢᠰᠲ᠋ᠧᠮᠲᠦ ᠴᠢᠨᠠᠷᠲᠠᠶ ᠰᠢᠨᠡᠴᠢᠯᠡᠯᠲᠡ ᠬᠢᠵᠦ᠂ 16.668 ᠺᠢᠯᠣᠮᠧᠳ᠋ᠷ ᠬᠠᠭᠤᠴᠢᠨ ᠬᠤᠭᠤᠯᠠᠶ ᠶᠢ ᠥᠭᠡᠷᠡᠴᠢᠯᠡᠨ ᠰᠠᠶᠢᠵᠢᠷᠠᠭᠤᠯᠪᠠ ︔ ᠬᠤᠶᠠᠷ ᠲᠤ᠂ ᠭᠤᠤᠯᠳᠠᠯᠭ᠎ᠠ ᠲᠠᠢ ᠣᠷᠣᠨ ᠪᠦᠰᠡ ᠳᠤ ᠰᠢᠲᠠᠮᠠᠬᠠᠶ ᠬᠡᠢ ᠶᠢ ᠡᠵᠡᠮᠳᠡᠬᠦ ᠬᠤᠭᠤᠯᠠᠶ ᠶᠢᠨ ᠨᠡᠭᠡᠯᠡᠭᠡᠢ ᠬᠤᠳᠳᠤᠭ ᠢ 21 ᠨᠡᠮᠡᠵᠦ᠂ ᠬᠤᠭᠤᠯᠠᠶ ᠶᠢᠨ ᠲᠣᠤᠷ ᠤᠨ ᠪᠠᠴᠢᠮ ᠪᠠᠶᠢᠳᠠᠯ ᠢ ᠠᠷᠭᠠᠴᠠᠨ ᠲᠣᠬᠢᠷᠠᠭᠤᠯᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠭᠤᠷᠪᠠ ᠳᠤ᠂ ᠬᠤᠭᠤᠯᠠᠶ ᠶᠢᠨ ᠲᠣᠤᠷ ᠤᠨ ᠬᠢᠨᠠᠨ ᠬᠡᠮᠵᠢᠬᠦ ᠰᠢᠰᠲ᠋ᠧᠮ ᠢ ᠳᠡᠰ ᠳᠡᠪᠰᠢᠭᠦᠯᠵᠦ᠂ ︽ᠡᠬᠢ ᠡᠭᠦᠰᠦᠯ︾ ᠠᠴᠠ ︽ᠲᠡᠭᠦᠰᠬᠡᠯ ᠦᠵᠦᠭᠦᠷ︾ ᠬᠦᠷᠲᠡᠯᠡᠬᠢ ᠪᠥᠬᠦ ᠬᠡᠯᠬᠢᠶ᠎ᠡ ᠶᠢᠨ ᠠᠮᠤᠷ ᠲᠦᠪᠰᠢᠨ ᠤ ᠪᠠᠲᠤᠯᠠᠭ᠎ᠠ ᠶᠢ ᠪᠡᠶᠡᠯᠡᠭᠦᠯᠦᠨ᠎ᠡ᠃
   ︽ᠲᠣᠰ ᠤᠳᠠᠭ᠎ᠠ ᠰᠠᠭᠤᠭᠠᠯᠢ ᠲᠣᠭᠤᠷᠢᠭ ᠢ ᠪᠦᠷᠬᠦᠭᠰᠡᠨ ᠨᠢ ᠣᠯᠠᠩᠬᠢ ᠨᠢ ᠰᠢᠲᠠᠮᠠᠬᠠᠶ ᠬᠡᠶ ᠶᠢᠨ ᠪᠡᠯᠡᠳᠬᠡᠮᠵᠢ ᠶᠢᠨ ᠳᠠᠯᠳᠠ ᠬᠡᠮ ᠲᠥᠪᠯᠡᠷᠡᠭᠰᠡᠨ ᠣᠷᠣᠨ ᠪᠦᠰᠡ ᠪᠠᠶᠢᠵᠤ᠂ ᠬᠤᠭᠤᠯᠠᠶ ᠶᠢ ᠰᠢᠨᠡᠳᠬᠡᠬᠦ᠂ ᠨᠡᠭᠡᠭᠡᠯᠭᠡ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠ ᠣᠶᠤᠨᠴᠢ ᠪᠠᠷ ᠬᠢᠨᠠᠨ ᠬᠡᠮᠵᠢᠬᠦ ᠪᠠᠷ ᠳᠠᠮᠵᠢᠭᠤᠯᠤᠨ ︿ᠭᠤᠷᠪᠠᠨ ᠠᠷᠭ᠎ᠠ ᠶᠢ ᠵᠡᠷᠭᠡᠪᠡᠷ ᠬᠡᠷᠡᠭᠯᠡᠬᠦ﹀ ᠶᠢ ᠬᠡᠷᠡᠭᠵᠢᠭᠦᠯᠵᠦ᠂ ᠰᠢᠲᠠᠮᠠᠬᠠᠶ ᠬᠡᠶ ᠭᠤᠭᠤᠵᠢᠬᠤ᠂ ᠳᠡᠯᠪᠡᠷᠡᠯᠲᠡ ᠶᠢᠨ ᠬᠤᠭᠤᠯᠠᠶ ᠵᠡᠷᠭᠡ ᠲᠦᠭᠰᠢᠭᠦᠷᠢ ᠶᠢ ᠶᠡᠭᠡ ᠪᠠᠷ ᠪᠠᠭᠤᠷᠠᠭᠤᠯᠬᠤ ᠪᠣᠯᠤᠨ᠎ᠠ᠃ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠰᠠᠭᠤᠭᠠᠯᠢ ᠠᠷᠠᠳ ᠤᠨ ᠬᠡᠷᠡᠭᠯᠡᠬᠦ ᠬᠡᠢ ᠶᠢᠨ ᠲᠣᠭᠲᠠᠪᠤᠷᠢᠲᠤ ᠴᠢᠨᠠᠷ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠦᠷ᠎ᠡ ᠪᠦᠲᠦᠮᠵᠢ ᠢᠯᠡᠳᠲᠡ ᠳᠡᠭᠡᠭᠰᠢᠯᠡᠨ᠎ᠡ︾ ᠬᠡᠵᠡᠢ᠃ ᠬᠤᠤᠯᠵᠠ ᠭᠤᠣᠯ ᠬᠤᠲᠠ ᠶᠢᠨ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶ᠎ᠠ ᠶᠢᠨ ᠱᠢᠲᠠᠮᠠᠬᠠᠢ ᠬᠡᠢ ᠶᠢ ᠥᠭᠡᠷᠡᠴᠢᠯᠡᠨ ᠳᠡᠭᠡᠭᠱᠢᠯᠡᠭᠦᠯᠬᠦ ᠲᠥᠷᠥᠯ ᠵᠦᠢᠯ ᠤᠨ ᠬᠠᠷᠢᠭᠤᠴᠠᠯᠭᠠᠲᠠᠨ ᠯᠢ ᠳ᠋ᠦᠩ ᠲᠠᠨᠢᠯᠴᠠᠭᠤᠯᠵᠠᠢ᠃    ᠣᠶᠢᠯᠠᠭᠠᠭᠰᠠᠨ ᠢᠶᠠᠷ᠂ ᠰᠢᠲᠠᠮᠠᠬᠠᠶ ᠬᠡᠶ ᠶᠢᠨ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠠᠴᠠ ᠭᠠᠳᠠᠨ᠎ᠠ᠂ ᠬᠤᠤᠯᠢᠩᠭᠤᠤᠯ ᠬᠤᠲᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠠᠰᠠ ᠬᠤᠲᠠ ᠶᠢᠨ ᠰᠠᠭᠤᠷᠢ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠲᠠᠰ ᠳᠡᠪᠰᠢᠭᠦᠯᠬᠦ ᠵᠡᠷᠭᠡ 7 ᠶᠡᠭᠡ ᠬᠦᠷᠢᠶ᠎ᠡ ᠶᠢ ᠬᠠᠮᠤᠷᠴᠤ᠂ ᠠᠷᠠᠳ ᠤᠨ ᠠᠮᠢᠳᠤᠷᠠᠯ ᠤᠨ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠵᠢᠷᠤᠭᠯᠠᠪᠠ᠃
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号