4 ᠰᠠᠷ᠎ᠠ ᠶᠢᠨ 16 ᠤ ᠡᠳᠦᠷ᠂ ᠨᠠᠢᠮᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠬᠢᠨᠠᠨ | ᠪᠤᠳᠤᠬᠤ ᠵᠥᠪᠯᠡᠯ ᠤᠨ ᠲᠠᠪᠤᠳᠤᠭᠠᠷ ᠬᠤᠷᠠᠯ ᠬᠤᠷᠠᠯᠳᠤᠪᠠ᠃ ᠲᠦᠩᠯᠢᠶᠣᠤ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ | ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠡᠷᠬᠢᠯᠡᠭᠴᠢ ᠭᠤᠤ ᠵᠢᠶ ᠶᠧ ᠬᠤᠷᠠᠯ ᠡᠷᠭᠢᠯᠡᠭᠰᠡᠨ ᠪᠥᠭᠡᠳ | ᠶᠠᠷᠢᠶ᠎ᠠ ᠲᠠᠯᠪᠢᠵᠤ᠂ ᠬᠤᠲᠠ ᠶᠢᠨ ᠤᠳᠤᠷᠢᠳᠤᠯᠭ᠎ᠠ ᠵᠢᠢ ᠬᠠᠢ ᠶᠠᠩ᠂ ᠯᠢᠦ ᠮᠢᠩ ᠭᠦᠸᠧ ᠬᠤᠷᠠᠯ ᠳᠤ ᠣᠷᠣᠯᠴᠠᠵᠤ᠂ | ᠬᠤᠲᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠭᠡᠰᠢᠭᠦᠨ᠂ ᠬᠤᠲᠠ ᠶᠢᠨ ᠬᠢᠨᠠᠨ ᠪᠤᠳᠤᠬᠤ | ᠲᠣᠪᠴᠢᠶ᠎ᠠ ᠶᠢᠨ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ | ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠲᠦᠩᠯᠢᠶᠣᠤ | ᠬᠤᠳᠠ ᠶᠢᠨ ᠵᠢᠷᠭᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠲᠠᠪᠤᠳᠤᠭᠠᠷ | ᠬᠤᠷᠠᠯ ᠤᠨ ᠵᠣᠷᠢᠭ ᠰᠠᠨᠠᠭ᠎ᠠ᠂ ᠮᠧᠩ ᠰᠢᠶᠠᠨ ᠳ᠋ᠦᠩ ᠪᠣᠯᠤᠨ ᠴᠢ᠊ · ᠳᠠᠯᠠᠨᠲᠠᠢ ᠨᠥᠬᠦᠷ ᠤᠨ ᠬᠢᠨᠠᠨ ᠪᠤᠳᠤᠬᠤ | ᠠᠵᠢᠯ ᠤᠨ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2024 ᠣᠨ ᠤ ᠬᠢᠨᠠᠨ | ᠪᠤᠳᠤᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠤᠨ 2023 ᠣᠨ ᠤ ᠬᠤᠳᠠ ᠶᠢᠨ | ᠲᠤᠰ ᠱᠠᠲᠤᠨ ᠤ ᠲᠥᠰᠦᠪ ᠢ ᠭᠦᠢᠴᠡᠳᠬᠡᠭᠰᠡᠨ ᠵᠢᠴᠢ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ | ᠬᠢᠨᠠᠨ ᠪᠤᠳᠤᠬᠤ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ | ᠮᠡᠳᠡᠭᠦᠯᠦᠯᠲᠡ ᠶᠢ ᠰᠣᠨᠣᠰᠪᠠ︔ ︽ᠬᠤᠤᠯᠢᠩᠭᠤᠤᠯ ᠬᠤᠳᠠ ᠶᠢᠨ 2025 ᠣᠨ ᠤ ᠬᠢᠨᠠᠨ ᠪᠤᠳᠤᠬᠤ ᠲᠦᠷᠦᠯ | ᠵᠦᠢᠯ ᠤᠨ ᠲᠥᠯᠥᠪᠯᠡᠭᠡ︾ ᠶᠢ ᠬᠢᠨᠠᠨ ᠵᠥᠪᠯᠡᠵᠦ ᠪᠠᠲᠤᠯᠠᠪᠠ᠃ | ᠭᠤᠤ ᠵᠢᠢ ᠶᠧ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ | ᠲᠤᠤᠱᠯᠠᠭᠤᠯᠵᠤ᠂ ᠬᠢᠨᠠᠨ ᠪᠤᠳᠤᠬᠤ ᠠᠵᠢᠯ ᠤᠨ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠬᠠᠤᠯᠢ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ᠂ ᠡᠷᠬᠡ ᠶᠢᠨ ᠬᠡᠪᠴᠢᠶ᠎ᠡ ᠪᠣᠯᠤᠨ ᠲᠡᠰ | ᠳᠠᠷᠠᠭᠠᠯᠠᠯ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠡᠷᠬᠡ ᠪᠠᠨ ᠬᠡᠷᠡᠭᠵᠢᠭᠦᠯᠵᠦ᠂ ᠭᠤᠣᠯ ᠬᠠᠷᠢᠭᠤᠴᠠᠯᠭ᠎ᠠ | ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠵᠤ ᠬᠢᠨᠠᠯᠲᠠ ᠲᠠᠯᠪᠢᠬᠤ ᠦᠢᠯᠡᠳᠦᠯ ᠢᠶᠠᠨ ᠨᠡᠩ | ᠰᠠᠶᠢᠲᠤᠷ ᠪᠠᠳᠠᠷᠠᠭᠤᠯᠬᠤ ᠬᠡᠷᠡᠭᠲᠡᠢ᠃ ᠭᠤᠣᠯ ᠠᠵᠢᠯ ᠤᠨ ᠲᠣᠭᠤᠷᠢᠨ ᠳᠤ᠂ ᠶᠡᠭᠡ ᠲᠠᠯ᠎ᠠ ᠶᠢᠨ ᠬᠡᠷᠡᠭᠴᠡᠭᠡ ᠪᠣᠯᠤᠨ | ᠬᠢᠨᠠᠨ ᠪᠤᠳᠤᠯᠲᠠ ᠶᠢᠨ ᠴᠢᠳᠠᠪᠤᠷᠢ ᠶᠢᠨ ᠤᠶᠠᠯᠳᠤᠯ ᠤᠨ ᠴᠡᠭ ᠢ ᠣᠨᠣᠪᠴᠢᠲᠠᠢ ᠣᠯᠵᠤ᠂ ︽ᠲᠠᠬᠢᠨ ᠨᠢᠭᠡ ᠠᠵᠤ | ᠦᠢᠯᠡᠳᠪᠦᠷᠢ ᠶᠢᠨ ᠬᠤᠤᠯᠢᠩᠭᠤᠤᠯ ᠢ ᠪᠠᠶᠢᠭᠤᠯᠬᠤ︾ ᠲᠡᠮᠡᠴᠡᠬᠦ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ᠂ ᠭᠤᠣᠯᠳᠠᠯᠭ᠎ᠠ ᠲᠠᠢ ᠲᠦᠷᠦᠯ ᠵᠦᠢᠯ ᠢ ᠬᠢᠨᠠᠨ | ᠪᠤᠳᠤᠬᠤ ᠶᠢ ᠴᠢᠩᠭᠠᠳᠬᠠᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠪᠠᠷ ᠬᠢᠨᠠᠯᠲᠠ ᠲᠠᠯᠪᠢᠬᠤ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠨᠠᠨ ᠪᠤᠳᠤᠬᠤ ᠡᠭᠦᠷᠭᠡ ᠬᠠᠷᠢᠭᠤᠴᠠᠯᠭ᠎ᠠ ᠪᠠᠷ ᠲᠦᠷᠦ ᠶᠢᠨ | ᠪᠤᠳᠤᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠪᠡᠯᠡ ᠮᠥᠩᠭᠦ ᠶᠢᠨ ᠦᠷ᠎ᠡ ᠠᠰᠢᠭ ᠢ ᠳᠡᠭᠡᠭᠰᠢᠯᠡᠭᠦᠯᠬᠦ᠂ ᠲᠦᠷᠦᠯ | ᠵᠦᠢᠯ ᠤᠨ ᠬᠤᠷᠳᠤᠴᠠ ᠶᠢ ᠲᠦᠷᠭᠡᠳᠬᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠢᠨᠠᠯᠲᠠ | ᠲᠠᠯᠪᠢᠬᠤ ᠶᠢ ᠨᠡᠪᠲᠡᠷᠡᠯᠴᠡᠭᠦᠯᠦᠨ ᠬᠠᠮᠵᠢᠯᠴᠠᠬᠤ ᠶᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽1︾ ᠬᠢᠨᠠᠯᠲᠠ | ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠨᠠᠨ | ᠪᠤᠳᠤᠵᠤ ᠢᠯᠡᠷᠡᠭᠦᠯᠦᠭᠰᠡᠨ ᠠᠰᠠᠭᠤᠳᠠᠯ ᠪᠣᠯᠤᠨ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠨᠢᠭᠡ | ᠴᠤᠬᠴᠠᠵᠢᠭᠤᠯᠤᠨ ᠲᠥᠯᠥᠪᠵᠢᠭᠦᠯᠬᠦ᠂ ᠨᠢᠭᠡ ᠴᠤᠬᠴᠠᠵᠢᠭᠤᠯᠤᠨ ᠠᠬᠢᠭᠤᠯᠬᠤ᠂ ᠨᠢᠭᠡ ᠴᠤᠬᠴᠠᠵᠢᠭᠤᠯᠤᠨ | ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠢᠨᠠᠨ ᠪᠤᠳᠤᠬᠤ ᠦᠢᠯᠡᠴᠢᠯᠡᠭᠡ ᠪᠠᠷ ᠮᠠᠨ ᠤ ᠬᠤᠳᠠ ᠶᠢᠨ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠬᠡᠵᠠᠢ᠃ | |