4 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ | ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ | ᠵᠥᠪᠯᠡᠯ ᠤᠨ ᠶᠢᠰᠦᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ | ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠪᠦᠷᠢᠯᠳᠦᠬᠦᠨ ᠵᠢᠴᠢ ᠡᠯ᠎ᠡ | ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠬᠠᠷᠢᠭᠤᠴᠠᠯᠭᠠᠲᠤ ᠨᠢᠭᠡᠴᠡ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ | ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ 2024 ᠣᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ | ᠮᠡᠳᠡᠭᠦᠯᠦᠯᠲᠡ᠂ ︽ᠬᠤᠤᠯᠢᠩᠭᠤᠤᠯ ᠬᠤᠲᠠ ᠶᠢᠨ 2025 ᠣᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠡᠭᠦᠷᠭᠡ ᠶᠢᠨ ᠨᠠᠷᠢᠨ ᠲᠠᠩᠰᠠ︾᠂ ︽2025 ᠣᠨ ᠤ ᠬᠤᠲᠠ ᠶᠢᠨ | ᠤᠳᠤᠷᠢᠳᠤᠯᠭ᠎ᠠ ᠭᠤᠤᠯᠳᠠᠯᠭ᠎ᠠ ᠲᠠᠢ ᠥᠭᠡᠷᠡᠴᠢᠯᠡᠯᠲᠡ ᠶᠢ ᠠᠬᠢᠭᠤᠯᠬᠤ ᠵᠦᠢᠯᠡᠰ ᠤᠨ ᠨᠠᠷᠢᠨ ᠲᠠᠩᠰᠠ︾᠂ ︽ | ᠲᠦᠩᠯᠢᠶᠣᠤ ᠬᠤᠲᠠ ᠶᠢᠨ ︿ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ | ᠥᠨᠳᠥᠷ ᠪᠦᠲᠦᠮᠵᠢᠲᠡᠶ ᠬᠠᠮᠵᠢᠯᠴᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠲᠤᠬᠠᠶ ᠰᠠᠨᠠᠯ | ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠪᠠ᠃ | ᠭᠤᠤ ᠵᠢᠢ ᠶᠧ᠂ ᠪᠦᠬᠦ ᠬᠤᠳᠠ ᠶᠢᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠴᠢᠭᠯᠡᠯ ᠢᠶᠠᠨ | ᠲᠣᠳᠣᠷᠬᠠᠶᠢᠯᠠᠵᠤ᠂ ᠥᠭᠡᠷᠡᠴᠢᠯᠡᠯᠲᠡ ᠶᠢᠨ ᠣᠷᠣᠨ ᠪᠠᠶᠢᠷᠢ ᠶᠢ ᠰᠠᠶᠢᠲᠤᠷ ᠡᠵᠡᠮᠳᠡᠵᠦ᠂ ᠴᠢᠨᠠᠷ ᠰᠠᠶᠢᠲᠠᠢ | ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠭᠤᠶᠢᠪᠢᠰᠢ ᠦᠭᠡᠢ ᠡᠵᠡᠮᠳᠡᠵᠦ᠂ ︽ᠠᠵᠤ ᠦᠢᠯᠡᠳᠪᠦᠷᠢ ᠶᠢᠨ | ᠬᠤᠤᠯᠢᠩᠭᠤᠤᠯ︾ ᠪᠣᠯᠤᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠤᠬᠢᠷᠠᠭᠤᠯᠬᠤ ᠬᠠᠷᠠᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠬᠤᠤᠯᠢᠩᠭᠤᠤᠯ ᠤᠨ ᠣᠨᠴᠠᠯᠢᠭ ᠲᠠᠢ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠦᠢᠯᠡᠳᠦᠯᠭᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠦᠨᠡᠨ ᠬᠦ ᠬᠠᠲᠠᠭᠤ ᠲᠠᠢ ᠨᠢ ᠬᠠᠯᠳᠠᠵᠤ᠂ | ᠥᠭᠡᠷᠡᠴᠢᠯᠡᠯᠲᠡ ᠶᠢᠨ ᠲᠦᠭᠵᠢᠷᠡᠯ ᠢ ᠨᠡᠪᠲᠡᠷᠡᠭᠦᠯᠵᠦ᠂ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ᠂ | ᠥᠭᠡᠷᠡᠴᠢᠯᠡᠯᠲᠡ ᠶᠢ ᠤᠷᠮᠠᠰᠢᠭᠤᠯᠬᠤ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ | ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠬᠦ᠂ ᠥᠭᠡᠷᠡᠴᠢᠯᠡᠯᠲᠡ ᠶᠢᠨ ᠬᠦᠴᠦᠨ ᠢ ᠪᠦᠷᠢᠨ ᠭᠦᠢᠴᠡᠳ ᠲᠣᠬᠢᠷᠠᠭᠤᠯᠬᠤ | ᠵᠡᠷᠭᠡ ᠠᠵᠢᠯ ᠢ ᠰᠠᠶᠢᠲᠤᠷ ᠬᠢᠵᠦ᠂ ᠪᠠᠭ᠎ᠠ ᠲᠠᠯ᠎ᠠ ᠠᠴᠠ ᠠᠰᠠᠭᠤᠳᠠᠯ ᠢ ᠰᠢᠢᠳᠪᠦᠷᠢᠯᠡᠬᠦ᠂ ᠶᠡᠭᠡ ᠬᠡᠮᠵᠢᠶ᠎ᠡ ᠪᠠᠷ | ᠭᠦᠨᠵᠡᠭᠡᠶᠢᠷᠡᠭᠦᠯᠦᠨ ᠬᠦᠴᠦᠯᠡᠬᠦ ᠶᠢ ᠴᠢᠬᠤᠯᠠᠴᠢᠯᠠᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠴᠡᠭ ᠢᠶᠠᠷ | ᠨᠡᠶᠢᠳᠡᠮ ᠠᠴᠠ ᠥᠷᠭᠡᠳᠬᠡᠬᠦ ᠶᠢ ᠦᠨᠡᠨ ᠬᠦ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠥᠭᠡᠷᠡᠴᠢᠯᠡᠯᠲᠡ ᠶᠢᠨ ᠰᠠᠭᠤᠷᠢ ᠶᠢ ᠪᠠᠬᠢᠵᠢᠭᠦᠯᠵᠦ᠂ ︽ᠨᠢᠭᠡ ᠬᠦᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ | ᠪᠤᠢ ᠪᠣᠯᠭᠠᠵᠤ᠂ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠦᠷ᠎ᠡ ᠪᠦᠲᠦᠮᠵᠢ ᠶᠢ | ᠮᠥᠷᠳᠡᠨ ᠠᠰᠠᠭᠤᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠬᠠᠮᠲᠤᠷᠠᠯ ᠤᠨ | ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ | ᠴᠢᠨᠠᠷ ᠰᠠᠶᠢᠲᠠᠢ ᠲᠤᠰᠢᠶᠠᠬᠤ ᠶᠢ ᠪᠠᠲᠤᠯᠠᠵᠤ᠂ ᠣᠳᠣᠬᠢᠴᠢᠯᠠᠭᠰᠠᠨ ᠬᠤᠤᠯᠢᠩᠭᠤᠤᠯ ᠤᠨ ᠪᠦᠳᠦᠭᠡᠨ | ᠪᠠᠶᠢᠭᠤᠯᠤᠯᠲᠠ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ ᠬᠡᠪᠡ᠃ | | | | |