ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ᠄ ᠮᠠᠨ ᠤ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ | ᠡᠬᠢ ᠪᠠᠶᠠᠯᠢᠭ ᠢ ᠤᠯᠠᠮ ᠨᠢᠭᠡ ᠠᠯᠬᠤᠮ ᠬᠠᠮᠠᠭᠠᠯᠠᠵᠤ᠂ ᠣᠶ ᠰᠢᠭᠤᠶ ᠶᠢᠨ ᠬᠤᠭᠤᠷᠣᠨᠳᠣᠬᠢ ᠳᠠᠷᠢᠬᠤ ᠠᠵᠢᠯᠯᠠᠭ᠎ᠠ ᠶᠢ | ᠵᠢᠷᠤᠮᠵᠢᠭᠤᠯᠤᠨ᠂ ᠳᠤᠷ᠎ᠠ ᠪᠠᠷ ᠢᠶᠠᠨ ᠬᠠᠭᠠᠯᠪᠤᠷᠢᠯᠠᠵᠤ ᠳᠤᠷ᠎ᠠ ᠪᠠᠷ ᠢᠶᠠᠨ ᠳᠠᠷᠢᠬᠤ ᠦᠵᠡᠭᠳᠡᠯ ᠢ ᠬᠤᠷᠢᠭᠯᠠᠵᠤ᠂ ᠣᠶ | ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ | ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠣᠶᠢᠲᠤ ᠭᠠᠵᠠᠷ ᠤᠨ ᠲᠥᠷᠥᠯ ︵ᠨᠢᠭᠡ︶ ᠠᠰᠢᠭᠯᠠᠬᠤ ᠶᠢ ᠴᠠᠭᠠᠵᠠᠯᠠᠭᠰᠠᠨ ᠣᠶᠢᠲᠤ ᠭᠠᠵᠠᠷ 1᠂ | ᠪᠠᠶᠢᠭᠠᠯᠢ ᠶᠢᠨ ᠣᠶ ᠮᠣᠳᠣᠨ ᠤ ᠭᠠᠵᠠᠷ᠂ ᠨᠤᠲᠠᠯᠠᠭ᠎ᠠ ᠦᠭᠡᠶ ᠨᠡᠶᠢᠲᠡ ᠶᠢᠨ ᠠᠰᠠᠷᠠᠮᠵᠢ ᠶᠢᠨ ᠣᠶ ᠮᠣᠳᠣᠨ ᠤ ᠭᠠᠵᠠᠷ᠂ | ᠣᠶᠢᠲᠤ ᠭᠠᠵᠠᠷ ᠤᠨ ᠬᠠᠮᠠᠭᠠᠯᠠᠯᠲᠠ ᠶᠢᠨ ᠵᠡᠷᠭᠡ ᠳᠡᠰ ᠢ ᠠᠰᠢᠭᠯᠠᠨ I ᠲᠠᠰ ᠤᠨ ᠣᠶᠢᠲᠤ ᠭᠠᠵᠠᠷ ᠢ ᠣᠶ ᠶᠢᠨ | ᠬᠤᠭᠤᠷᠣᠨᠳᠣ ᠲᠠᠷᠢᠬᠤ ᠶᠢ ᠴᠠᠭᠠᠵᠠᠯᠠᠬᠤ ᠬᠡᠷᠡᠭᠲᠡᠶ᠃ 2. ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ | ᠣᠶ ᠶᠢᠨ ᠭᠠᠵᠠᠷ ᠢ ᠠᠰᠢᠭᠯᠠᠨ ᠣᠶ ᠶᠢᠨ ᠬᠤᠭᠤᠷᠣᠨᠳᠣ ᠪᠠᠨ ᠲᠠᠷᠢᠬᠤ ᠶᠢ ᠴᠠᠭᠠᠵᠠᠯᠠᠨ᠎ᠠ᠃ 3. ᠤᠤᠭᠤᠬᠤ | ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠣᠲᠣᠷᠠᠬᠢ ᠣᠶ ᠮᠣᠳᠣᠨ ᠤ ᠭᠠᠵᠠᠷ ᠢ | ᠠᠰᠢᠭᠯᠠᠨ ᠣᠶ ᠶᠢᠨ ᠬᠤᠭᠤᠷᠣᠨᠳᠣ ᠪᠠᠨ ᠲᠠᠷᠢᠬᠤ ᠶᠢ ᠴᠠᠭᠠᠵᠠᠯᠠᠨ᠎ᠠ᠃ 4. ᠬᠤᠪᠣᠷ ᠴᠤᠬᠠᠭ ᠮᠥᠬᠦᠬᠦ ᠰᠢᠬᠠᠭᠰᠠᠨ | ᠬᠡᠭᠡᠷ᠎ᠡ ᠶᠢᠨ ᠠᠮᠢᠲᠠᠨ ᠤᠷᠭᠤᠮᠠᠯ ᠤᠨ ᠴᠢᠬᠤᠯᠠ ᠣᠷᠣᠰᠢᠨ ᠠᠮᠢᠳᠤᠷᠠᠬᠤ ᠭᠠᠵᠠᠷ ︵ᠠᠮᠢᠳᠤᠷᠠᠯ ᠤᠨ ᠣᠷᠴᠢᠨ︶ | ᠵᠢᠴᠢ ᠠᠮᠢᠳᠤ ᠪᠣᠳᠠᠰ ᠤᠨ ᠬᠤᠩᠭᠢᠯ ᠤᠨ ᠳᠣᠲᠣᠷᠠᠬᠢ ᠣᠶᠢᠲᠤ ᠭᠠᠵᠠᠷ ᠢ ᠠᠰᠢᠭᠯᠠᠨ ᠣᠶ ᠶᠢᠨ ᠬᠤᠭᠤᠷᠣᠨᠳᠣ ᠪᠠᠨ | ᠲᠠᠷᠢᠮᠠᠯ ᠲᠠᠷᠢᠬᠤ ᠶᠢ ᠴᠠᠭᠠᠵᠠᠯᠠᠬᠤ ᠬᠡᠷᠡᠭᠲᠡᠶ᠃ 5. ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ | ᠣᠶ ᠶᠢᠨ ᠬᠤᠭᠤᠷᠣᠨᠳᠣ ᠪᠠᠨ ᠲᠠᠷᠢᠬᠤ ᠶᠢ ᠴᠠᠭᠠᠵᠠᠯᠠᠬᠤ ᠣᠶ ᠮᠣᠳᠣᠨ ᠤ ᠭᠠᠵᠠᠷ᠃ ︵ᠬᠤᠶᠠᠷ︶ ᠲᠠᠷᠢᠬᠤ ᠶᠢ | ᠴᠢᠩᠭ᠎ᠠ ᠴᠠᠭᠠᠵᠠᠯᠠᠵᠤ᠂ ︽ᠤᠢ ᠰᠢᠭᠤᠢ ᠠᠮᠤ ᠪᠤᠳᠠᠭ᠎ᠠ︾ ᠶᠢ ᠠᠯᠠᠭᠯᠠᠨ ᠲᠠᠷᠢᠬᠤ ᠵᠠᠭᠪᠤᠷ ᠢ ᠪᠦᠬᠦ ᠲᠠᠯ᠎ᠠ ᠪᠠᠷ | ᠵᠣᠭᠰᠣᠭᠠᠵᠤ᠂ ᠵᠥᠪᠬᠡᠨ ︽ᠤᠢ ᠰᠢᠭᠤᠢ ᠡᠪᠡᠰᠦ ᠪᠡᠯᠴᠢᠭᠡᠷ︾᠂ ︽ᠤᠢ ᠰᠢᠭᠤᠢ ᠶᠢᠨ ᠪᠠᠺᠲ᠋ᠧᠷᠢ︾᠂ ︽ᠤᠢ | ᠰᠢᠭᠤᠢ ᠶᠢᠨ ᠬᠤᠭᠤᠷᠣᠨᠳᠣ ᠴᠢᠬᠢ ᠮᠣᠳᠣ ᠪᠤᠶᠢᠵᠢᠭᠤᠯᠬᠤ︾ ᠵᠡᠷᠭᠡ ᠬᠠᠮ ᠡᠵᠡᠩᠨᠡᠯᠲᠡ ᠶᠢᠨ ᠵᠠᠭᠪᠤᠷ ᠢ | ᠥᠷᠨᠢᠭᠦᠯᠬᠦ ᠶᠢ ᠵᠥᠪᠰᠢᠶᠡᠷᠡᠨ᠎ᠡ᠃ 2. ᠶᠠᠮᠠᠷᠪᠠ ᠠᠮᠤ ᠲᠣᠰᠣᠨ ᠤ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠨ᠎ᠠ᠃ | 3. ᠬᠥᠷᠥᠰᠥ ᠰᠢᠷᠣᠢ ᠶᠢᠨ ᠢᠳᠡᠭᠳᠡᠯ᠂ ᠰᠠᠯᠬᠢᠨ ᠳᠤ ᠢᠳᠡᠭᠳᠡᠨ ᠡᠯᠡᠰᠦᠷᠬᠡᠭᠵᠢᠬᠦ ᠠᠵᠤ ᠠᠬᠤᠢ ᠶᠢᠨ ᠲᠠᠷᠢᠮᠠᠯ | ᠲᠠᠷᠢᠬᠤ ᠶᠢ ᠴᠢᠩᠭ᠎ᠠ ᠬᠤᠷᠢᠭᠯᠠᠨ᠎ᠠ᠂ ᠵᠢᠱᠢᠶᠡᠯᠡᠪᠡᠯ᠂ ᠯᠣᠬᠠᠱᠧᠩ᠂ ᠲᠠᠷᠪᠤᠰ᠂ ᠰᠢᠬᠢᠷ ᠯᠤᠤᠪᠠᠩ᠂ ᠲᠥᠮᠥᠰᠥ | ᠵᠡᠷᠭᠡ ᠶᠢ ᠲᠠᠷᠢᠳᠠᠭ᠃ 4. ᠮᠣᠳᠣᠨ ᠤ ᠰᠠᠯᠬᠢ ᠨᠡᠪᠲᠡᠷᠡᠭᠦᠯᠦᠨ ᠭᠡᠷᠡᠯ ᠭᠠᠷᠭᠠᠬᠤ ᠶᠢ ᠨᠥᠯᠥᠭᠡᠯᠡᠬᠦ ᠥᠨᠳᠥᠷ ᠡᠰᠢᠲᠦ | ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠨ᠎ᠠ᠃ 5. ᠭᠦᠨ ᠤᠷᠪᠠᠭᠤᠯᠵᠦ ᠭᠦᠨ ᠬᠠᠭᠠᠯᠪᠤᠷᠢᠯᠠᠬᠤ ᠪᠠ ᠣᠶ | ᠮᠣᠳᠣᠨ ᠤ ᠦᠨᠳᠦᠰᠦᠨ ᠰᠢᠰᠲ᠋ᠧᠮ ᠤᠨ ᠠᠵᠤ ᠠᠬᠤᠶ ᠶᠢᠨ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | 6. ᠠᠮᠢ ᠠᠬᠤᠶ ᠶᠢᠨ ᠣᠷᠴᠢᠨ ᠲᠣᠭᠤᠷᠢᠨ ᠤ ᠠᠶᠤᠯ ᠦᠭᠡᠶ ᠶᠢ ᠬᠤᠬᠢᠷᠠᠭᠤᠯᠬᠤ ᠬᠥᠨᠥᠭᠡᠯ ᠲᠠᠢ ᠠᠮᠢᠳᠤ ᠪᠣᠳᠠᠰ ᠤᠨ | ᠳᠦᠷᠰᠦ ᠲᠠᠷᠢᠬᠤ ᠶᠢ ᠴᠢᠩᠭ᠎ᠠ ᠴᠠᠭᠠᠵᠠᠯᠠᠨ᠎ᠠ᠃ 7. ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠳᠤ ᠠᠰᠲᠠᠭᠠᠨ | ᠲᠣᠭᠲᠠᠭᠠᠯ ᠲᠠᠢ ᠪᠠᠶᠢᠪᠠᠯ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃ ︵ᠭᠤᠷᠪᠠ︶ ᠮᠣᠳᠣ | ᠣᠭᠲᠣᠯᠤᠭᠰᠠᠨ ᠭᠠᠵᠠᠷ ᠢ ᠰᠢᠨᠡᠳᠬᠡᠵᠦ ᠣᠶᠢᠵᠢᠭᠤᠯᠤᠭᠰᠠᠨ ᠣᠢ ᠮᠣᠳᠣ ᠶᠢ ᠣᠭᠲᠣᠯᠤᠭᠰᠠᠨ ᠤ ᠳᠠᠷᠠᠭ᠎ᠠ ᠡᠷᠬᠡᠪᠰᠢ | ᠨᠢᠭᠡᠳᠦᠭᠡᠷ ᠣᠶᠢᠵᠢᠭᠤᠯᠬᠤ ᠤᠯᠠᠷᠢᠯ ᠳᠤ ᠣᠶᠢᠵᠢᠭᠤᠯᠬᠤ ᠮᠡᠷᠭᠡᠵᠢᠯ ᠤᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ | ᠰᠢᠨᠡᠳᠬᠡᠵᠦ ᠣᠶᠢᠵᠢᠭᠤᠯᠬᠤ ᠶᠢᠨ ᠬᠠᠮᠲᠤ ᠰᠢᠯᠭᠠᠨ ᠬᠤᠷᠢᠶᠠᠵᠤ ᠳᠠᠭᠤᠰᠬᠠᠬᠤ ᠬᠡᠷᠡᠭᠲᠡᠢ᠂ ᠮᠣᠳᠣ ᠣᠭᠲᠣᠯᠤᠭᠰᠠᠨ | ᠭᠠᠵᠠᠷ ᠢ ᠰᠢᠨᠡᠳᠬᠡᠵᠦ ᠣᠶᠢᠵᠢᠭᠤᠯᠬᠤ ᠠᠴᠠ ᠡᠮᠦᠨ᠎ᠡ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ︵ | ᠲᠦᠷᠪᠡ︶ ᠬᠠᠤᠯᠢ ᠴᠠᠭᠠᠵᠠ ᠶᠢᠨ ᠦᠷ᠎ᠡ ᠤᠷᠰᠢᠭ ᠨᠢ ᠲᠤᠭᠳᠠᠭᠰᠠᠨ ᠱᠠᠭᠠᠷᠳᠠᠯᠭ᠎ᠠ ᠶᠤᠰᠤᠭᠠᠷ ᠤᠢ ᠰᠢᠭᠤᠢ ᠶᠢᠨ | ᠠᠯᠠᠭᠯᠠᠨ ᠲᠠᠷᠢᠭᠰᠠᠨ ᠦᠭᠡᠢ ᠪᠠᠶᠢᠪᠠᠯ᠂ ᠬᠤᠯᠪᠤᠭᠳᠠᠯ ᠪᠦᠬᠦᠢ ᠬᠠᠤᠯᠢ ᠭᠡᠷᠡᠭᠵᠢᠬᠦᠯᠬᠦ ᠰᠠᠯᠠᠭ᠎ᠠ ᠮᠦᠴᠢᠷ ᠠᠴᠠ ︽ | ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾ ᠶᠢᠨ ᠲᠠᠯᠠᠨ ᠲᠦᠷᠪᠡᠳᠤᠭᠡᠷ | ᠵᠦᠢᠯ ᠤᠨ ᠨᠢᠭᠡᠳᠤᠭᠡᠷ ᠵᠤᠷᠪᠤᠰ ᠲᠤ᠄ ︽ᠲᠤᠰ ᠬᠠᠤᠯᠢ ᠶᠢᠨ ᠲᠤᠭᠳᠠᠭᠠᠯ ᠢ ᠵᠦᠷᠢᠴᠡᠵᠤ᠂ ᠬᠠᠭᠠᠯᠪᠤᠷᠢᠯᠠᠭᠰᠠᠨ᠂ | ᠴᠢᠯᠠᠭᠤ ᠮᠠᠯᠲᠠᠭᠰᠠᠨ᠂ ᠬᠠᠶᠢᠷ ᠴᠢᠯᠠᠭᠤ ᠠᠪᠤᠭᠰᠠᠨ᠂ ᠰᠢᠷᠤᠢ ᠪᠤᠶᠤ ᠪᠤᠰᠤᠳ ᠠᠵᠢᠯᠯᠠᠭ᠎ᠠ ᠠᠴᠠ ᠪᠤᠯᠵᠤ ᠤᠢ | ᠮᠤᠳᠤ ᠶᠢ ᠰᠦᠢᠳᠭᠡᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠤᠢ ᠰᠢᠭᠤᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠶᠢ ᠨᠢ | ᠵᠠᠷᠯᠢᠭᠳᠠᠨ ᠵᠤᠭᠰᠤᠭᠠᠯᠭᠠᠵᠤ᠂ ᠤᠤᠯ ᠭᠠᠵᠠᠷ ᠪᠤᠶᠤ ᠦᠭᠡᠷ᠎ᠡ ᠭᠠᠵᠠᠷ ᠪᠤᠶᠤ ᠪᠤᠰᠤᠳ ᠭᠠᠵᠠᠷ ᠢ ᠨᠦᠬᠦᠨ ᠲᠠᠷᠢᠵᠤ᠂ | ᠤᠢ ᠮᠤᠳᠤᠨ ᠤ ᠦᠨ᠎ᠡ ᠦᠷᠳᠡᠭ ᠢ ᠲᠠᠪᠤᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠳᠭᠡᠵᠤ | ᠪᠤᠯᠤᠨ᠎ᠠ᠃ | ᠬᠤᠶᠠᠷ᠂ ᠨᠤᠲᠤᠭ ᠪᠡᠯᠴᠢᠭᠡᠷ ᠤᠨ ᠲᠥᠷᠥᠯ | ︵ᠨᠢᠭᠡ︶ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠨᠢ ︽ᠨᠤᠲᠤᠭ ᠪᠡᠯᠴᠢᠭᠡᠷ ᠤᠨ ᠡᠬᠢ | ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠬᠦ ᠳᠤ ᠬᠡᠷᠡᠭᠯᠡᠬᠦ ᠬᠠᠤᠯᠢ ᠴᠠᠭᠠᠵᠠ ᠶᠢᠨ ᠠᠰᠠᠭᠤᠳᠠᠯ ᠤᠳ ᠤᠨ | ᠲᠤᠬᠠᠶ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ︾ ᠶᠢ ᠦᠨᠳᠦᠰᠦᠯᠡᠨ᠂ ᠳᠣᠤᠷᠠᠬᠢ ᠦᠢᠯᠡ | ᠠᠵᠢᠯᠯᠠᠭ᠎ᠠ ᠨᠤᠭᠤᠳ ᠨᠢ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠪᠠᠷ | ᠶᠠᠯ᠎ᠠ ᠲᠣᠭᠲᠠᠭᠠᠵᠤ ᠲᠣᠷᠭᠠᠨ᠎ᠠ᠄ 1. ᠨᠤᠲᠤᠭ ᠪᠡᠯᠴᠢᠭᠡᠷ ᠢ ᠬᠠᠭᠠᠯᠪᠤᠷᠢᠯᠠᠭᠠᠳ ᠠᠮᠤ ᠪᠤᠳᠠᠭᠠᠨ ᠤ ᠲᠠᠷᠢᠮᠠᠯ᠂ ᠠᠵᠤ | ᠠᠬᠤᠶ ᠶᠢᠨ ᠲᠠᠷᠢᠮᠠᠯ᠂ ᠣᠶ ᠮᠣᠳᠣ ᠲᠠᠷᠢᠭᠰᠠᠨ᠃ 2. ᠲᠠᠯ᠎ᠠ ᠨᠤᠲᠤᠭ ᠲᠤ ᠠᠭᠤᠷᠬᠠᠶ ᠮᠠᠯᠲᠠᠬᠤ᠂ ᠭᠡᠷ ᠪᠠᠷᠢᠬᠤ᠂ | ᠵᠠᠮ ᠵᠠᠰᠠᠬᠤ᠂ ᠬᠠᠶᠢᠷ ᠮᠠᠯᠲᠠᠬᠤ᠂ ᠴᠢᠯᠠᠭᠤ ᠮᠠᠯᠲᠠᠬᠤ᠂ ᠰᠢᠷᠣᠶ ᠠᠪᠬᠤ᠂ ᠬᠥᠷᠥᠰᠥ ᠰᠢᠷᠣᠶ ᠶᠢ ᠨᠢ ᠠᠪᠴᠤ | ᠬᠠᠶᠠᠬᠤ᠃ 3. ᠨᠤᠲᠤᠭ ᠪᠡᠯᠴᠢᠭᠡᠷ ᠳᠡᠭᠡᠷ᠎ᠡ ᠬᠠᠶᠠᠭᠳᠠᠮᠠᠯ ᠪᠣᠳᠠᠰ ᠣᠪᠣᠭᠠᠯᠠᠭᠰᠠᠨ ᠪᠤᠶᠤ ᠭᠠᠳᠠᠭᠰᠢᠯᠠᠭᠤᠯᠵᠤ | ᠨᠤᠲᠤᠭ ᠪᠡᠯᠴᠢᠭᠡᠷ ᠤᠨ ᠤᠤᠯ ᠤᠨ ᠤᠷᠭᠤᠮᠠᠯ ᠤᠨ ᠪᠦᠷᠬᠢᠴᠡ ᠶᠢ ᠬᠦᠨᠳᠦ ᠰᠦᠷᠡᠬᠡᠢ ᠡᠪᠳᠡᠭᠰᠡᠨ ᠪᠤᠶᠤ ᠬᠦᠨᠳᠦ | ᠰᠦᠷᠡᠬᠡᠶ ᠪᠣᠬᠢᠷᠲᠤᠭᠤᠯᠤᠭᠰᠠᠨ᠃ 4 ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ | ᠠᠰᠢᠭᠯᠠᠯᠲᠠ ᠶᠢᠨ ᠲᠥᠯᠥᠪᠵᠢᠭᠦᠯᠭᠡ ᠠᠴᠠ ᠵᠥᠷᠢᠴᠡᠨ ᠪᠡᠯᠴᠢᠭᠡᠷ ᠪᠠ ᠲᠡᠵᠢᠭᠡᠯ ᠪᠣᠷᠳᠣᠭᠠᠨ ᠤ ᠲᠠᠷᠢᠮᠠᠯ ᠲᠠᠷᠢᠵᠤ᠂ | ᠨᠤᠲᠤᠭ ᠪᠡᠯᠴᠢᠭᠡᠷ ᠢ ᠡᠯᠡᠰᠦᠷᠬᠡᠭᠵᠢᠭᠦᠯᠦᠭᠰᠡᠨ ᠪᠤᠶᠤ ᠬᠥᠷᠥᠰᠥ ᠰᠢᠷᠣᠶ ᠶᠢ ᠬᠦᠨᠳᠦ ᠨᠣᠴᠢᠲᠠᠶ ᠢᠳᠡᠭᠳᠡᠭᠦᠯᠦᠭᠰᠡᠨ᠃ | 5. ᠪᠤᠰᠤᠳ ᠨᠤᠲᠤᠭ ᠪᠡᠯᠴᠢᠭᠡᠷ ᠢ ᠬᠦᠨᠳᠦ ᠨᠣᠴᠢᠲᠠᠢ ᠡᠪᠳᠡᠭᠰᠡᠨ ᠪᠠᠶᠢᠳᠠᠯ᠃ ᠬᠠᠤᠯᠢ ᠶᠢᠨ ᠦᠷ᠎ᠡ ᠳ᠋ᠦ᠋ᠩ᠄ ᠲᠠᠪᠤᠨ | ᠵᠢᠯ ᠠᠴᠠ ᠳᠣᠭᠤᠭᠱᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠱᠢᠳᠭᠡᠵᠦ | ᠵᠣᠭᠤᠰ ᠢᠶᠠᠷ ᠲᠣᠷᠭᠠᠬᠤ ᠪᠠᠷ ᠨᠡᠢᠯᠡᠭᠦᠯᠦᠨ ᠱᠢᠳᠭᠡᠬᠦ ᠪᠤᠶᠤ ᠳᠠᠩ ᠢᠶᠠᠷ ᠱᠢᠳᠭᠡᠨᠡ᠃ ᠨᠠᠮ ᠤᠨ ᠭᠡᠰᠢᠭᠦᠨ ᠺᠠᠳ᠋ᠷ᠂ | ᠠᠯᠪᠠᠨ ᠲᠤᠰᠢᠶᠠᠯᠲᠠᠨ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠬᠤ᠂ ᠡᠵᠡᠯᠡᠨ ᠬᠡᠷᠡᠭᠯᠡᠬᠦ ᠵᠡᠷᠭᠡ ᠬᠠᠤᠯᠢ | ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠢᠩᠭ᠎ᠠ | ᠰᠢᠢᠳᠪᠦᠷᠢᠯᠡᠬᠦ ᠬᠡᠷᠡᠭᠲᠡᠢ᠃ ︵ᠬᠤᠶᠠᠷ︶ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠤ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠳᠦᠷᠢᠮ︾ ᠪᠠ ︽ᠬᠤᠤᠯᠢᠩᠭᠤᠤᠯ ᠬᠤᠲᠠ ᠶᠢᠨ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠡᠷᠡᠭᠵᠢᠭᠦᠯᠬᠦ ᠲᠥᠰᠦᠯ ᠤᠨ ᠮᠡᠳᠡᠭᠳᠡᠯ︾ ︵ᠬᠤᠤᠯᠢᠩᠭᠤᠤᠯ | ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠡᠷᠡᠭᠵᠢᠭᠦᠯᠬᠦ ᠲᠥᠰᠦᠯ ᠤᠨ ᠮᠡᠳᠡᠭᠳᠡᠯ︾ ︵2020. | 58 ᠳ᠋ᠤᠭᠠᠷ ᠲᠣᠭᠠᠲᠤ︶ ᠤᠨ ᠲᠣᠭᠲᠠᠭᠠᠯ ᠢ ᠦᠨᠳᠦᠰᠦᠯᠡᠨ᠂ ᠪᠥᠬᠦ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ | ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ 1. ᠪᠡᠯᠴᠢᠭᠡᠷᠯᠡᠭᠦᠯᠬᠦ ᠶᠢ ᠴᠠᠭᠠᠵᠠᠯᠠᠬᠤ ᠬᠦᠷᠢᠶ᠎ᠡ ᠬᠡᠪᠴᠢᠶ᠎ᠡ ᠨᠢ | ᠪᠥᠬᠦ ᠬᠤᠲᠠ ᠶᠢᠨ ᠪᠥᠬᠦ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠪᠠ᠃ 2. ᠪᠦᠬᠦ ᠬᠤᠲᠠ ᠶᠢᠨ ᠪᠦᠬᠦ ᠵᠢᠯ ᠳᠤ | ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠳᠤ ᠠᠯᠢᠪᠠ ᠬᠤᠨᠢ᠂ ᠮᠣᠷᠢ᠂ ᠦᠬᠡᠷ ᠵᠡᠷᠭᠡ ᠡᠪᠡᠰᠤᠨ ᠲᠡᠵᠢᠭᠡᠯᠲᠦ ᠮᠠᠯ ᠢ | ᠪᠡᠯᠴᠢᠭᠡᠷᠯᠡᠭᠦᠯᠦᠨ ᠮᠠᠯᠯᠠᠬᠤ ᠶᠢ ᠴᠠᠭᠠᠵᠠᠯᠠᠵᠤ᠂ ᠠᠯᠢᠪᠠ ᠡᠪᠡᠰᠦᠨ ᠲᠡᠵᠢᠭᠡᠯᠲᠦ ᠮᠠᠯ ᠮᠠᠯᠯᠠᠬᠤ ᠶᠢ ᠴᠥᠮ | ᠪᠡᠯᠴᠢᠭᠡᠷᠯᠡᠭᠦᠯᠬᠦ ᠶᠢ ᠵᠣᠭᠰᠣᠭᠠᠵᠤ ᠬᠠᠰᠢᠶᠠᠯᠠᠨ ᠲᠡᠵᠢᠭᠡᠨ᠎ᠡ᠃ ᠲᠣᠭᠲᠠᠭᠠᠯ ᠠᠴᠠ ᠵᠥᠷᠢᠴᠡᠭᠰᠡᠨ ᠦᠷ᠎ᠡ ᠳ᠋ᠦᠩ᠄ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠮᠠᠯ ᠬᠠᠷᠢᠭᠤᠯᠤᠭᠰᠠᠨ ᠪᠣᠯ ᠰᠤᠮᠤ᠂ ᠵᠡᠭᠡᠯᠢ ᠭᠤᠳᠤᠮᠵᠢ ᠠᠴᠠ | ᠵᠠᠷᠯᠢᠭᠳᠠᠨ ᠵᠠᠯᠠᠷᠠᠭᠤᠯᠵᠤ᠂ ᠬᠠᠤᠯᠢ ᠠᠴᠠ ᠵᠥᠷᠢᠴᠡᠨ ᠬᠤᠨᠢ ᠬᠠᠷᠢᠭᠤᠯᠤᠭᠰᠠᠨ ᠨᠢᠭᠡᠴᠡ ᠨᠢᠭᠡᠪᠦᠷᠢ ᠳᠤ 120 | ᠲᠥᠭᠦᠷᠢᠭ ᠵᠣᠭᠤᠰ ᠢᠶᠠᠷ ᠲᠣᠷᠭᠠᠨ᠎ᠠ᠃ ᠪᠦᠬᠦ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ | ᠨᠠᠶᠢᠳᠠᠪᠤᠷᠢᠵᠢᠭᠤᠯᠤᠭᠠᠳᠤᠶ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠬᠤᠶᠠᠷ ᠤᠳᠠᠭ᠎ᠠ ᠠᠴᠠ ᠳᠡᠭᠡᠭᠰᠢ | ᠪᠡᠯᠴᠢᠭᠡᠷᠯᠡᠭᠦᠯᠦᠭᠰᠡᠨ ᠪᠣᠯ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ | ᠪᠡᠯᠡ ᠮᠥᠩᠭᠦ ᠶᠢ ᠰᠠᠭᠤᠯᠭᠠᠨ ᠣᠯᠭᠤᠬᠤ ᠬᠡᠷᠡᠭᠲᠡᠶ᠃ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠢ | ᠦᠮᠦᠭᠯᠡᠬᠦ᠂ ᠳᠤᠷ᠎ᠠ ᠪᠠᠷ ᠨᠢ ᠲᠠᠯᠪᠢᠬᠤ᠂ ᠣᠷᠣᠯᠴᠠᠭᠤᠯᠬᠤ ᠳᠤ ᠣᠷᠣᠯᠴᠠᠬᠤ ᠵᠡᠷᠭᠡ ᠰᠠᠬᠢᠯᠭ᠎ᠠ ᠪᠠᠲᠤ ᠶᠢ | ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ | ᠬᠡᠷᠡᠭᠲᠡᠢ᠃ | | | | |