ᠬᠤᠤᠯᠢᠩᠭᠤᠤᠯ ᠬᠤᠲᠠ ᠤᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠤᠯᠢ ᠶᠣᠰᠣᠭᠠᠷ ᠬᠠᠮᠠᠭᠠᠯᠠᠵᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠮᠡᠳᠡᠭᠳᠡᠯ ᠤᠨ ᠪᠢᠴᠢᠭ
ᠨᠡᠶᠢᠲᠡᠯᠡᠭᠰᠡᠨ ᠴᠠᠭ᠄
2025/4/18
   ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ᠄ ᠮᠠᠨ ᠤ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠬᠠᠮᠠᠭᠠᠯᠠᠵᠤ᠂ ᠣᠶ ᠰᠢᠭᠤᠶ ᠶᠢᠨ ᠬᠤᠭᠤᠷᠣᠨᠳᠣᠬᠢ ᠳᠠᠷᠢᠬᠤ ᠠᠵᠢᠯᠯᠠᠭ᠎ᠠ ᠶᠢ ᠵᠢᠷᠤᠮᠵᠢᠭᠤᠯᠤᠨ᠂ ᠳᠤᠷ᠎ᠠ ᠪᠠᠷ ᠢᠶᠠᠨ ᠬᠠᠭᠠᠯᠪᠤᠷᠢᠯᠠᠵᠤ ᠳᠤᠷ᠎ᠠ ᠪᠠᠷ ᠢᠶᠠᠨ ᠳᠠᠷᠢᠬᠤ ᠦᠵᠡᠭᠳᠡᠯ ᠢ ᠬᠤᠷᠢᠭᠯᠠᠵᠤ᠂ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠣᠶᠢᠲᠤ ᠭᠠᠵᠠᠷ ᠤᠨ ᠲᠥᠷᠥᠯ ︵ᠨᠢᠭᠡ︶ ᠠᠰᠢᠭᠯᠠᠬᠤ ᠶᠢ ᠴᠠᠭᠠᠵᠠᠯᠠᠭᠰᠠᠨ ᠣᠶᠢᠲᠤ ᠭᠠᠵᠠᠷ 1᠂ ᠪᠠᠶᠢᠭᠠᠯᠢ ᠶᠢᠨ ᠣᠶ ᠮᠣᠳᠣᠨ ᠤ ᠭᠠᠵᠠᠷ᠂ ᠨᠤᠲᠠᠯᠠᠭ᠎ᠠ ᠦᠭᠡᠶ ᠨᠡᠶᠢᠲᠡ ᠶᠢᠨ ᠠᠰᠠᠷᠠᠮᠵᠢ ᠶᠢᠨ ᠣᠶ ᠮᠣᠳᠣᠨ ᠤ ᠭᠠᠵᠠᠷ᠂ ᠣᠶᠢᠲᠤ ᠭᠠᠵᠠᠷ ᠤᠨ ᠬᠠᠮᠠᠭᠠᠯᠠᠯᠲᠠ ᠶᠢᠨ ᠵᠡᠷᠭᠡ ᠳᠡᠰ ᠢ ᠠᠰᠢᠭᠯᠠᠨ I ᠲᠠᠰ ᠤᠨ ᠣᠶᠢᠲᠤ ᠭᠠᠵᠠᠷ ᠢ ᠣᠶ ᠶᠢᠨ ᠬᠤᠭᠤᠷᠣᠨᠳᠣ ᠲᠠᠷᠢᠬᠤ ᠶᠢ ᠴᠠᠭᠠᠵᠠᠯᠠᠬᠤ ᠬᠡᠷᠡᠭᠲᠡᠶ᠃ 2. ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠣᠶ ᠶᠢᠨ ᠭᠠᠵᠠᠷ ᠢ ᠠᠰᠢᠭᠯᠠᠨ ᠣᠶ ᠶᠢᠨ ᠬᠤᠭᠤᠷᠣᠨᠳᠣ ᠪᠠᠨ ᠲᠠᠷᠢᠬᠤ ᠶᠢ ᠴᠠᠭᠠᠵᠠᠯᠠᠨ᠎ᠠ᠃ 3. ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠣᠲᠣᠷᠠᠬᠢ ᠣᠶ ᠮᠣᠳᠣᠨ ᠤ ᠭᠠᠵᠠᠷ ᠢ ᠠᠰᠢᠭᠯᠠᠨ ᠣᠶ ᠶᠢᠨ ᠬᠤᠭᠤᠷᠣᠨᠳᠣ ᠪᠠᠨ ᠲᠠᠷᠢᠬᠤ ᠶᠢ ᠴᠠᠭᠠᠵᠠᠯᠠᠨ᠎ᠠ᠃ 4. ᠬᠤᠪᠣᠷ ᠴᠤᠬᠠᠭ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠤᠨ ᠴᠢᠬᠤᠯᠠ ᠣᠷᠣᠰᠢᠨ ᠠᠮᠢᠳᠤᠷᠠᠬᠤ ᠭᠠᠵᠠᠷ ︵ᠠᠮᠢᠳᠤᠷᠠᠯ ᠤᠨ ᠣᠷᠴᠢᠨ︶ ᠵᠢᠴᠢ ᠠᠮᠢᠳᠤ ᠪᠣᠳᠠᠰ ᠤᠨ ᠬᠤᠩᠭᠢᠯ ᠤᠨ ᠳᠣᠲᠣᠷᠠᠬᠢ ᠣᠶᠢᠲᠤ ᠭᠠᠵᠠᠷ ᠢ ᠠᠰᠢᠭᠯᠠᠨ ᠣᠶ ᠶᠢᠨ ᠬᠤᠭᠤᠷᠣᠨᠳᠣ ᠪᠠᠨ ᠲᠠᠷᠢᠮᠠᠯ ᠲᠠᠷᠢᠬᠤ ᠶᠢ ᠴᠠᠭᠠᠵᠠᠯᠠᠬᠤ ᠬᠡᠷᠡᠭᠲᠡᠶ᠃ 5. ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠣᠶ ᠶᠢᠨ ᠬᠤᠭᠤᠷᠣᠨᠳᠣ ᠪᠠᠨ ᠲᠠᠷᠢᠬᠤ ᠶᠢ ᠴᠠᠭᠠᠵᠠᠯᠠᠬᠤ ᠣᠶ ᠮᠣᠳᠣᠨ ᠤ ᠭᠠᠵᠠᠷ᠃ ︵ᠬᠤᠶᠠᠷ︶ ᠲᠠᠷᠢᠬᠤ ᠶᠢ ᠴᠢᠩᠭ᠎ᠠ ᠴᠠᠭᠠᠵᠠᠯᠠᠵᠤ᠂ ︽ᠤᠢ ᠰᠢᠭᠤᠢ ᠠᠮᠤ ᠪᠤᠳᠠᠭ᠎ᠠ︾ ᠶᠢ ᠠᠯᠠᠭᠯᠠᠨ ᠲᠠᠷᠢᠬᠤ ᠵᠠᠭᠪᠤᠷ ᠢ ᠪᠦᠬᠦ ᠲᠠᠯ᠎ᠠ ᠪᠠᠷ ᠵᠣᠭᠰᠣᠭᠠᠵᠤ᠂ ᠵᠥᠪᠬᠡᠨ ︽ᠤᠢ ᠰᠢᠭᠤᠢ ᠡᠪᠡᠰᠦ ᠪᠡᠯᠴᠢᠭᠡᠷ︾᠂ ︽ᠤᠢ ᠰᠢᠭᠤᠢ ᠶᠢᠨ ᠪᠠᠺᠲ᠋ᠧᠷᠢ︾᠂ ︽ᠤᠢ ᠰᠢᠭᠤᠢ ᠶᠢᠨ ᠬᠤᠭᠤᠷᠣᠨᠳᠣ ᠴᠢᠬᠢ ᠮᠣᠳᠣ ᠪᠤᠶᠢᠵᠢᠭᠤᠯᠬᠤ︾ ᠵᠡᠷᠭᠡ ᠬᠠᠮ ᠡᠵᠡᠩᠨᠡᠯᠲᠡ ᠶᠢᠨ ᠵᠠᠭᠪᠤᠷ ᠢ ᠥᠷᠨᠢᠭᠦᠯᠬᠦ ᠶᠢ ᠵᠥᠪᠰᠢᠶᠡᠷᠡᠨ᠎ᠡ᠃ 2. ᠶᠠᠮᠠᠷᠪᠠ ᠠᠮᠤ ᠲᠣᠰᠣᠨ ᠤ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠨ᠎ᠠ᠃ 3. ᠬᠥᠷᠥᠰᠥ ᠰᠢᠷᠣᠢ ᠶᠢᠨ ᠢᠳᠡᠭᠳᠡᠯ᠂ ᠰᠠᠯᠬᠢᠨ ᠳᠤ ᠢᠳᠡᠭᠳᠡᠨ ᠡᠯᠡᠰᠦᠷᠬᠡᠭᠵᠢᠬᠦ ᠠᠵᠤ ᠠᠬᠤᠢ ᠶᠢᠨ ᠲᠠᠷᠢᠮᠠᠯ ᠲᠠᠷᠢᠬᠤ ᠶᠢ ᠴᠢᠩᠭ᠎ᠠ ᠬᠤᠷᠢᠭᠯᠠᠨ᠎ᠠ᠂ ᠵᠢᠱᠢᠶᠡᠯᠡᠪᠡᠯ᠂ ᠯᠣᠬᠠᠱᠧᠩ᠂ ᠲᠠᠷᠪᠤᠰ᠂ ᠰᠢᠬᠢᠷ ᠯᠤᠤᠪᠠᠩ᠂ ᠲᠥᠮᠥᠰᠥ ᠵᠡᠷᠭᠡ ᠶᠢ ᠲᠠᠷᠢᠳᠠᠭ᠃ 4. ᠮᠣᠳᠣᠨ ᠤ ᠰᠠᠯᠬᠢ ᠨᠡᠪᠲᠡᠷᠡᠭᠦᠯᠦᠨ ᠭᠡᠷᠡᠯ ᠭᠠᠷᠭᠠᠬᠤ ᠶᠢ ᠨᠥᠯᠥᠭᠡᠯᠡᠬᠦ ᠥᠨᠳᠥᠷ ᠡᠰᠢᠲᠦ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠨ᠎ᠠ᠃ 5. ᠭᠦᠨ ᠤᠷᠪᠠᠭᠤᠯᠵᠦ ᠭᠦᠨ ᠬᠠᠭᠠᠯᠪᠤᠷᠢᠯᠠᠬᠤ ᠪᠠ ᠣᠶ ᠮᠣᠳᠣᠨ ᠤ ᠦᠨᠳᠦᠰᠦᠨ ᠰᠢᠰᠲ᠋ᠧᠮ ᠤᠨ ᠠᠵᠤ ᠠᠬᠤᠶ ᠶᠢᠨ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ 6. ᠠᠮᠢ ᠠᠬᠤᠶ ᠶᠢᠨ ᠣᠷᠴᠢᠨ ᠲᠣᠭᠤᠷᠢᠨ ᠤ ᠠᠶᠤᠯ ᠦᠭᠡᠶ ᠶᠢ ᠬᠤᠬᠢᠷᠠᠭᠤᠯᠬᠤ ᠬᠥᠨᠥᠭᠡᠯ ᠲᠠᠢ ᠠᠮᠢᠳᠤ ᠪᠣᠳᠠᠰ ᠤᠨ ᠳᠦᠷᠰᠦ ᠲᠠᠷᠢᠬᠤ ᠶᠢ ᠴᠢᠩᠭ᠎ᠠ ᠴᠠᠭᠠᠵᠠᠯᠠᠨ᠎ᠠ᠃ 7. ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠳᠤ ᠠᠰᠲᠠᠭᠠᠨ ᠲᠣᠭᠲᠠᠭᠠᠯ ᠲᠠᠢ ᠪᠠᠶᠢᠪᠠᠯ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃ ︵ᠭᠤᠷᠪᠠ︶ ᠮᠣᠳᠣ ᠣᠭᠲᠣᠯᠤᠭᠰᠠᠨ ᠭᠠᠵᠠᠷ ᠢ ᠰᠢᠨᠡᠳᠬᠡᠵᠦ ᠣᠶᠢᠵᠢᠭᠤᠯᠤᠭᠰᠠᠨ ᠣᠢ ᠮᠣᠳᠣ ᠶᠢ ᠣᠭᠲᠣᠯᠤᠭᠰᠠᠨ ᠤ ᠳᠠᠷᠠᠭ᠎ᠠ ᠡᠷᠬᠡᠪᠰᠢ ᠨᠢᠭᠡᠳᠦᠭᠡᠷ ᠣᠶᠢᠵᠢᠭᠤᠯᠬᠤ ᠤᠯᠠᠷᠢᠯ ᠳᠤ ᠣᠶᠢᠵᠢᠭᠤᠯᠬᠤ ᠮᠡᠷᠭᠡᠵᠢᠯ ᠤᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠰᠢᠨᠡᠳᠬᠡᠵᠦ ᠣᠶᠢᠵᠢᠭᠤᠯᠬᠤ ᠶᠢᠨ ᠬᠠᠮᠲᠤ ᠰᠢᠯᠭᠠᠨ ᠬᠤᠷᠢᠶᠠᠵᠤ ᠳᠠᠭᠤᠰᠬᠠᠬᠤ ᠬᠡᠷᠡᠭᠲᠡᠢ᠂ ᠮᠣᠳᠣ ᠣᠭᠲᠣᠯᠤᠭᠰᠠᠨ ᠭᠠᠵᠠᠷ ᠢ ᠰᠢᠨᠡᠳᠬᠡᠵᠦ ᠣᠶᠢᠵᠢᠭᠤᠯᠬᠤ ᠠᠴᠠ ᠡᠮᠦᠨ᠎ᠡ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ︵ᠲᠦᠷᠪᠡ︶ ᠬᠠᠤᠯᠢ ᠴᠠᠭᠠᠵᠠ ᠶᠢᠨ ᠦᠷ᠎ᠡ ᠤᠷᠰᠢᠭ ᠨᠢ ᠲᠤᠭᠳᠠᠭᠰᠠᠨ ᠱᠠᠭᠠᠷᠳᠠᠯᠭ᠎ᠠ ᠶᠤᠰᠤᠭᠠᠷ ᠤᠢ ᠰᠢᠭᠤᠢ ᠶᠢᠨ ᠠᠯᠠᠭᠯᠠᠨ ᠲᠠᠷᠢᠭᠰᠠᠨ ᠦᠭᠡᠢ ᠪᠠᠶᠢᠪᠠᠯ᠂ ᠬᠤᠯᠪᠤᠭᠳᠠᠯ ᠪᠦᠬᠦᠢ ᠬᠠᠤᠯᠢ ᠭᠡᠷᠡᠭᠵᠢᠬᠦᠯᠬᠦ ᠰᠠᠯᠠᠭ᠎ᠠ ᠮᠦᠴᠢᠷ ᠠᠴᠠ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾ ᠶᠢᠨ ᠲᠠᠯᠠᠨ ᠲᠦᠷᠪᠡᠳᠤᠭᠡᠷ ᠵᠦᠢᠯ ᠤᠨ ᠨᠢᠭᠡᠳᠤᠭᠡᠷ ᠵᠤᠷᠪᠤᠰ ᠲᠤ᠄ ︽ᠲᠤᠰ ᠬᠠᠤᠯᠢ ᠶᠢᠨ ᠲᠤᠭᠳᠠᠭᠠᠯ ᠢ ᠵᠦᠷᠢᠴᠡᠵᠤ᠂ ᠬᠠᠭᠠᠯᠪᠤᠷᠢᠯᠠᠭᠰᠠᠨ᠂ ᠴᠢᠯᠠᠭᠤ ᠮᠠᠯᠲᠠᠭᠰᠠᠨ᠂ ᠬᠠᠶᠢᠷ ᠴᠢᠯᠠᠭᠤ ᠠᠪᠤᠭᠰᠠᠨ᠂ ᠰᠢᠷᠤᠢ ᠪᠤᠶᠤ ᠪᠤᠰᠤᠳ ᠠᠵᠢᠯᠯᠠᠭ᠎ᠠ ᠠᠴᠠ ᠪᠤᠯᠵᠤ ᠤᠢ ᠮᠤᠳᠤ ᠶᠢ ᠰᠦᠢᠳᠭᠡᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠢ ᠰᠢᠭᠤᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠯᠭᠠᠵᠤ᠂ ᠤᠤᠯ ᠭᠠᠵᠠᠷ ᠪᠤᠶᠤ ᠦᠭᠡᠷ᠎ᠡ ᠭᠠᠵᠠᠷ ᠪᠤᠶᠤ ᠪᠤᠰᠤᠳ ᠭᠠᠵᠠᠷ ᠢ ᠨᠦᠬᠦᠨ ᠲᠠᠷᠢᠵᠤ᠂ ᠤᠢ ᠮᠤᠳᠤᠨ ᠤ ᠦᠨ᠎ᠡ ᠦᠷᠳᠡᠭ ᠢ ᠲᠠᠪᠤᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠳᠭᠡᠵᠤ ᠪᠤᠯᠤᠨ᠎ᠠ᠃    ᠬᠤᠶᠠᠷ᠂ ᠨᠤᠲᠤᠭ ᠪᠡᠯᠴᠢᠭᠡᠷ ᠤᠨ ᠲᠥᠷᠥᠯ ︵ᠨᠢᠭᠡ︶ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠨᠢ ︽ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠬᠦ ᠳᠤ ᠬᠡᠷᠡᠭᠯᠡᠬᠦ ᠬᠠᠤᠯᠢ ᠴᠠᠭᠠᠵᠠ ᠶᠢᠨ ᠠᠰᠠᠭᠤᠳᠠᠯ ᠤᠳ ᠤᠨ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ︾ ᠶᠢ ᠦᠨᠳᠦᠰᠦᠯᠡᠨ᠂ ᠳᠣᠤᠷᠠᠬᠢ ᠦᠢᠯᠡ ᠠᠵᠢᠯᠯᠠᠭ᠎ᠠ ᠨᠤᠭᠤᠳ ᠨᠢ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠪᠠᠷ ᠶᠠᠯ᠎ᠠ ᠲᠣᠭᠲᠠᠭᠠᠵᠤ ᠲᠣᠷᠭᠠᠨ᠎ᠠ᠄ 1. ᠨᠤᠲᠤᠭ ᠪᠡᠯᠴᠢᠭᠡᠷ ᠢ ᠬᠠᠭᠠᠯᠪᠤᠷᠢᠯᠠᠭᠠᠳ ᠠᠮᠤ ᠪᠤᠳᠠᠭᠠᠨ ᠤ ᠲᠠᠷᠢᠮᠠᠯ᠂ ᠠᠵᠤ ᠠᠬᠤᠶ ᠶᠢᠨ ᠲᠠᠷᠢᠮᠠᠯ᠂ ᠣᠶ ᠮᠣᠳᠣ ᠲᠠᠷᠢᠭᠰᠠᠨ᠃ 2. ᠲᠠᠯ᠎ᠠ ᠨᠤᠲᠤᠭ ᠲᠤ ᠠᠭᠤᠷᠬᠠᠶ ᠮᠠᠯᠲᠠᠬᠤ᠂ ᠭᠡᠷ ᠪᠠᠷᠢᠬᠤ᠂ ᠵᠠᠮ ᠵᠠᠰᠠᠬᠤ᠂ ᠬᠠᠶᠢᠷ ᠮᠠᠯᠲᠠᠬᠤ᠂ ᠴᠢᠯᠠᠭᠤ ᠮᠠᠯᠲᠠᠬᠤ᠂ ᠰᠢᠷᠣᠶ ᠠᠪᠬᠤ᠂ ᠬᠥᠷᠥᠰᠥ ᠰᠢᠷᠣᠶ ᠶᠢ ᠨᠢ ᠠᠪᠴᠤ ᠬᠠᠶᠠᠬᠤ᠃ 3. ᠨᠤᠲᠤᠭ ᠪᠡᠯᠴᠢᠭᠡᠷ ᠳᠡᠭᠡᠷ᠎ᠡ ᠬᠠᠶᠠᠭᠳᠠᠮᠠᠯ ᠪᠣᠳᠠᠰ ᠣᠪᠣᠭᠠᠯᠠᠭᠰᠠᠨ ᠪᠤᠶᠤ ᠭᠠᠳᠠᠭᠰᠢᠯᠠᠭᠤᠯᠵᠤ ᠨᠤᠲᠤᠭ ᠪᠡᠯᠴᠢᠭᠡᠷ ᠤᠨ ᠤᠤᠯ ᠤᠨ ᠤᠷᠭᠤᠮᠠᠯ ᠤᠨ ᠪᠦᠷᠬᠢᠴᠡ ᠶᠢ ᠬᠦᠨᠳᠦ ᠰᠦᠷᠡᠬᠡᠢ ᠡᠪᠳᠡᠭᠰᠡᠨ ᠪᠤᠶᠤ ᠬᠦᠨᠳᠦ ᠰᠦᠷᠡᠬᠡᠶ ᠪᠣᠬᠢᠷᠲᠤᠭᠤᠯᠤᠭᠰᠠᠨ᠃ 4 ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠥᠪᠵᠢᠭᠦᠯᠭᠡ ᠠᠴᠠ ᠵᠥᠷᠢᠴᠡᠨ ᠪᠡᠯᠴᠢᠭᠡᠷ ᠪᠠ ᠲᠡᠵᠢᠭᠡᠯ ᠪᠣᠷᠳᠣᠭᠠᠨ ᠤ ᠲᠠᠷᠢᠮᠠᠯ ᠲᠠᠷᠢᠵᠤ᠂ ᠨᠤᠲᠤᠭ ᠪᠡᠯᠴᠢᠭᠡᠷ ᠢ ᠡᠯᠡᠰᠦᠷᠬᠡᠭᠵᠢᠭᠦᠯᠦᠭᠰᠡᠨ ᠪᠤᠶᠤ ᠬᠥᠷᠥᠰᠥ ᠰᠢᠷᠣᠶ ᠶᠢ ᠬᠦᠨᠳᠦ ᠨᠣᠴᠢᠲᠠᠶ ᠢᠳᠡᠭᠳᠡᠭᠦᠯᠦᠭᠰᠡᠨ᠃ 5. ᠪᠤᠰᠤᠳ ᠨᠤᠲᠤᠭ ᠪᠡᠯᠴᠢᠭᠡᠷ ᠢ ᠬᠦᠨᠳᠦ ᠨᠣᠴᠢᠲᠠᠢ ᠡᠪᠳᠡᠭᠰᠡᠨ ᠪᠠᠶᠢᠳᠠᠯ᠃ ᠬᠠᠤᠯᠢ ᠶᠢᠨ ᠦᠷ᠎ᠡ ᠳ᠋ᠦ᠋ᠩ᠄ ᠲᠠᠪᠤᠨ ᠵᠢᠯ ᠠᠴᠠ ᠲᠤᠭᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠢᠳᠭᠡᠵᠦ ᠵᠣᠭᠤᠰ ᠢᠶᠠᠷ ᠲᠣᠷᠭᠠᠬᠤ ᠪᠠᠷ ᠨᠡᠢᠯᠡᠭᠦᠯᠦᠨ  ᠰᠢᠢᠳᠭᠡᠬᠦ ᠪᠤᠶᠤ ᠳᠠᠩ ᠢᠶᠠᠷ ᠱᠢᠳᠭᠡᠨ᠎ᠡ᠃ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠬᠤ᠂ ᠡᠵᠡᠯᠡᠨ ᠬᠡᠷᠡᠭᠯᠡᠬᠦ ᠵᠡᠷᠭᠡ ᠬᠠᠤᠯᠢ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃ ︵ᠬᠤᠶᠠᠷ︶ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠳᠦᠷᠢᠮ︾ ᠪᠠ ︽ᠬᠤᠤᠯᠢᠩᠭᠤᠤᠯ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠡᠷᠡᠭᠵᠢᠭᠦᠯᠬᠦ ᠲᠥᠰᠦᠯ ᠤᠨ ᠮᠡᠳᠡᠭᠳᠡᠯ︾ ︵ᠬᠤᠤᠯᠢᠩᠭᠤᠤᠯ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠡᠷᠡᠭᠵᠢᠭᠦᠯᠬᠦ ᠲᠥᠰᠦᠯ ᠤᠨ ᠮᠡᠳᠡᠭᠳᠡᠯ︾ ︵2020. 58 ᠳ᠋ᠤᠭᠠᠷ ᠲᠣᠭᠠᠲᠤ︶ ᠤᠨ ᠲᠣᠭᠲᠠᠭᠠᠯ ᠢ ᠦᠨᠳᠦᠰᠦᠯᠡᠨ᠂ ᠪᠥᠬᠦ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ 1. ᠪᠡᠯᠴᠢᠭᠡᠷᠯᠡᠭᠦᠯᠬᠦ ᠶᠢ ᠴᠠᠭᠠᠵᠠᠯᠠᠬᠤ ᠬᠦᠷᠢᠶ᠎ᠡ ᠬᠡᠪᠴᠢᠶ᠎ᠡ ᠨᠢ ᠪᠥᠬᠦ ᠬᠤᠲᠠ ᠶᠢᠨ ᠪᠥᠬᠦ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠪᠠ᠃ 2. ᠪᠦᠬᠦ ᠬᠤᠲᠠ ᠶᠢᠨ ᠪᠦᠬᠦ ᠵᠢᠯ ᠳᠤ ᠪᠡᠯᠴᠢᠭᠡᠷᠯᠡᠭᠦᠯᠬᠦ ᠶᠢ ᠬᠤᠷᠢᠭᠯᠠᠬᠤ ᠣᠷᠣᠨ ᠳᠤ ᠠᠯᠢᠪᠠ ᠬᠤᠨᠢ᠂ ᠮᠣᠷᠢ᠂ ᠦᠬᠡᠷ ᠵᠡᠷᠭᠡ ᠡᠪᠡᠰᠤᠨ ᠲᠡᠵᠢᠭᠡᠯᠲᠦ ᠮᠠᠯ ᠢ ᠪᠡᠯᠴᠢᠭᠡᠷᠯᠡᠭᠦᠯᠦᠨ ᠮᠠᠯᠯᠠᠬᠤ ᠶᠢ ᠴᠠᠭᠠᠵᠠᠯᠠᠵᠤ᠂ ᠠᠯᠢᠪᠠ ᠡᠪᠡᠰᠦᠨ ᠲᠡᠵᠢᠭᠡᠯᠲᠦ ᠮᠠᠯ ᠮᠠᠯᠯᠠᠬᠤ ᠶᠢ ᠴᠥᠮ ᠪᠡᠯᠴᠢᠭᠡᠷᠯᠡᠭᠦᠯᠬᠦ ᠶᠢ ᠵᠣᠭᠰᠣᠭᠠᠵᠤ ᠬᠠᠰᠢᠶᠠᠯᠠᠨ ᠲᠡᠵᠢᠭᠡᠨ᠎ᠡ᠃ ᠲᠣᠭᠲᠠᠭᠠᠯ ᠠᠴᠠ ᠵᠥᠷᠢᠴᠡᠭᠰᠡᠨ ᠦᠷ᠎ᠡ ᠳ᠋ᠦᠩ᠄ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠮᠠᠯ ᠬᠠᠷᠢᠭᠤᠯᠤᠭᠰᠠᠨ ᠪᠣᠯ ᠰᠤᠮᠤ᠂ ᠵᠡᠭᠡᠯᠢ ᠭᠤᠳᠤᠮᠵᠢ ᠠᠴᠠ ᠵᠠᠷᠯᠢᠭᠳᠠᠨ ᠵᠠᠯᠠᠷᠠᠭᠤᠯᠵᠤ᠂ ᠬᠠᠤᠯᠢ ᠠᠴᠠ ᠵᠥᠷᠢᠴᠡᠨ ᠬᠤᠨᠢ ᠬᠠᠷᠢᠭᠤᠯᠤᠭᠰᠠᠨ ᠨᠢᠭᠡᠴᠡ ᠨᠢᠭᠡᠪᠦᠷᠢ ᠳᠤ 120 ᠲᠥᠭᠦᠷᠢᠭ ᠵᠣᠭᠤᠰ ᠢᠶᠠᠷ ᠲᠣᠷᠭᠠᠨ᠎ᠠ᠃ ᠪᠦᠬᠦ ᠵᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠨᠠᠶᠢᠳᠠᠪᠤᠷᠢᠵᠢᠭᠤᠯᠤᠭᠠᠳᠤᠶ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠬᠤᠶᠠᠷ ᠤᠳᠠᠭ᠎ᠠ ᠠᠴᠠ ᠳᠡᠭᠡᠭᠰᠢ ᠪᠡᠯᠴᠢᠭᠡᠷᠯᠡᠭᠦᠯᠦᠭᠰᠡᠨ ᠪᠣᠯ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠡᠯᠡ ᠮᠥᠩᠭᠦ ᠶᠢ ᠰᠠᠭᠤᠯᠭᠠᠨ ᠣᠯᠭᠤᠬᠤ ᠬᠡᠷᠡᠭᠲᠡᠶ᠃ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠢ ᠦᠮᠦᠭᠯᠡᠬᠦ᠂ ᠳᠤᠷ᠎ᠠ ᠪᠠᠷ ᠨᠢ ᠲᠠᠯᠪᠢᠬᠤ᠂ ᠣᠷᠣᠯᠴᠠᠭᠤᠯᠬᠤ ᠳᠤ ᠣᠷᠣᠯᠴᠠᠬᠤ ᠵᠡᠷᠭᠡ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号