ᠬᠤᠤᠯᠢᠩᠭᠤᠤᠯ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠣᠢ ᠰᠢᠭᠤᠶ ᠡᠪᠡᠰᠦ ᠪᠡᠯᠴᠢᠭᠡᠷ ᠢ ᠰᠦᠢᠳᠬᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠰᠦᠪᠡᠭᠴᠢ ᠶᠢ ᠵᠠᠭᠠᠯᠳᠤᠬᠤ ᠢᠯᠡᠴᠢᠯᠡᠨ ᠮᠡᠳᠡᠭᠦᠯᠬᠦ ᠠᠷᠭ᠎ᠠ ᠵᠠᠮ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2025/4/18
     ᠪᠥᠬᠦ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠢ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠣᠶ ᠰᠢᠭᠤᠶ ᠡᠪᠡᠰᠦ ᠪᠡᠯᠴᠢᠭᠡᠷ ᠢ ᠰᠦᠢᠳᠬᠡᠬᠦ᠂ ᠳᠤᠷ᠎ᠠ ᠪᠠᠷ ᠢᠶᠠᠨ ᠠᠲᠠᠷ ᠬᠠᠭᠠᠯᠪᠤᠷᠢᠯᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠂ ᠡᠳᠦᠭᠡ ᠠᠰᠠᠭᠤᠳᠠᠯ ᠤᠨ ᠰᠦᠪᠡᠭᠴᠢ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ᠪᠠ ᠰᠢᠤᠳᠠᠨ ᠤ ᠬᠠᠶᠢᠷᠴᠠᠭ ᠢ ᠳᠣᠤᠷᠠᠬᠢ ᠮᠡᠲᠦ ᠵᠠᠷᠯᠠᠶ᠎ᠠ᠄ ᠨᠢᠭᠡ᠂ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ︵ᠨᠢᠭᠡ︶ ᠲᠣᠭᠲᠠᠭᠠᠯ ᠠᠴᠠ ᠵᠥᠷᠢᠴᠡᠨ ᠣᠶᠢᠲᠤ ᠭᠠᠵᠠᠷ ᠨᠤᠲᠤᠭ ᠪᠡᠯᠴᠢᠭᠡᠷ ᠢ ᠬᠠᠭᠠᠯᠪᠤᠷᠢᠯᠠᠵᠤ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠶᠣᠰᠣᠭᠠᠷ ᠤᠷᠭᠤᠮᠠᠯ ᠤᠨ ᠬᠤᠴᠢᠯᠭ᠎ᠠ ᠪᠠ ᠣᠶ ᠰᠢᠭᠤᠶ ᠡᠪᠡᠰᠦ ᠪᠡᠯᠴᠢᠭᠡᠷ ᠤᠨ ᠦᠢᠯᠡᠳᠪᠦᠷᠢᠯᠡᠯ ᠤᠨ ᠨᠥᠬᠦᠴᠡᠯ ᠢ ᠴᠠᠭ ᠲᠤᠬᠠᠶ ᠳᠤᠨᠢ ᠰᠡᠷᠭᠦᠭᠡᠭᠰᠡᠨ ᠥᠬᠡᠶ᠃ ︵ᠬᠤᠶᠠᠷ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠨᠡᠭᠡᠭᠡᠯᠲᠡ ᠶᠢᠨ ᠲᠣᠭᠤᠷᠢᠭ︶᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠬᠦ᠂ ᠡᠯ᠎ᠡ ᠲᠥᠷᠥᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠨᠢ ᠤᠶᠢᠳᠦ ᠭᠠᠵᠠᠷ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠴᠥᠭᠡᠨ ᠵᠥᠪᠰᠢᠶᠡᠷᠡᠭᠦᠯᠦᠭᠡᠳ ᠣᠶᠢᠲᠤ ᠭᠠᠵᠠᠷ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠦᠭᠡᠶ᠂ ᠵᠥᠪᠰᠢᠶᠡᠷᠡᠭᠰᠡᠨ ᠬᠡᠪᠴᠢᠶ᠎ᠡ ᠶᠣᠰᠣᠭᠠᠷ ᠣᠶ ᠲᠠᠢ ᠭᠠᠵᠠᠷ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠦᠭᠡᠶ᠃ ︵ᠭᠤᠷᠪᠠ︶ ᠲᠦᠷ ᠴᠠᠭ ᠡᠵᠡᠯᠡᠨ ᠬᠡᠷᠡᠭᠯᠡᠬᠦ ᠨᠡᠷ᠎ᠡ ᠪᠠᠷ ᠣᠶ ᠰᠢᠭᠤᠶ ᠶᠢᠨ ᠭᠠᠵᠠᠷ ᠨᠤᠲᠤᠭ ᠪᠡᠯᠴᠢᠭᠡᠷ ᠢ ᠬᠡᠷᠡᠭᠯᠡᠬᠦ ᠭᠠᠷᠳᠠᠮ ᠭᠦᠢᠴᠡᠳᠬᠡᠵᠦ᠂ ᠬᠤᠭᠤᠴᠠᠭ᠎ᠠ ᠶᠢ ᠥᠩᠭᠡᠷᠡᠲᠡᠯ᠎ᠡ ᠪᠤᠴᠠᠭᠠᠵᠤ ᠥᠭᠬᠦ ᠦᠭᠡᠶ᠃ ︵ᠳᠥᠷᠪᠡ︶ ᠣᠭᠲᠣᠯᠬᠤ ᠭᠠᠷᠳᠠᠮ ᠭᠦᠢᠴᠡᠳᠬᠡᠭᠰᠡᠨ ᠦᠭᠡᠶ᠂ ᠣᠶᠢᠳᠦ ᠭᠠᠵᠠᠷ ᠳᠡᠭᠡᠷᠡᠬᠢ ᠣᠶ ᠮᠣᠳᠣ ᠶᠢ ᠳᠤᠷ᠎ᠠ ᠪᠠᠷ ᠢᠶᠠᠨ ᠬᠤᠯᠠᠭᠠᠶᠢᠯᠠᠨ ᠣᠭᠲᠣᠯᠬᠤ᠂ ᠳᠤᠷ᠎ᠠ ᠪᠠᠷ ᠢᠶᠠᠨ ᠣᠭᠲᠣᠯᠬᠤ᠂ ᠣᠶ ᠮᠣᠳᠣ ᠶᠢ ᠰᠦᠢᠳᠬᠡᠬᠦ᠂ ᠣᠭᠲᠣᠯᠤᠭᠰᠠᠨ ᠭᠠᠵᠠᠷ ᠮᠥᠷ ᠢᠶᠠᠨ ᠴᠠᠭ ᠲᠤᠬᠠᠶ ᠳᠤᠨᠢ ᠰᠢᠨᠡᠳᠬᠡᠭᠡᠳᠦᠶ ᠵᠡᠷᠭᠡ ᠦᠢᠯᠡ ᠠᠵᠢᠯᠯᠠᠭ᠎ᠠ ᠶᠢ ᠳᠤᠷ᠎ᠠ ᠪᠠᠷ ᠢᠶᠠᠨ ᠬᠢᠬᠦ ᠬᠡᠷᠡᠭᠲᠡᠶ᠃ ︵ᠲᠠᠪᠤ︶ ᠣᠶ ᠰᠢᠭᠤᠶ ᠨᠤᠲᠤᠭ ᠪᠡᠯᠴᠢᠭᠡᠷ ᠲᠤ ᠠᠶᠤᠯᠲᠠᠶ ᠡᠳ᠋ ᠭᠠᠳᠠᠭᠰᠢᠯᠠᠭᠤᠯᠬᠤ᠂ ᠬᠤᠭ ᠨᠣᠪᠰᠢ ᠴᠢᠳᠬᠤᠬᠤ᠂ ᠣᠶ ᠮᠣᠳᠣᠨ ᠤ ᠭᠠᠵᠠᠷ ᠨᠤᠲᠤᠭ ᠪᠡᠯᠴᠢᠭᠡᠷ ᠢ ᠪᠣᠬᠢᠷᠲᠤᠭᠤᠯᠬᠤ ᠵᠡᠷᠭᠡ ᠦᠢᠯᠡ ᠠᠵᠢᠯᠯᠠᠭ᠎ᠠ᠃ ᠬᠤᠶᠠᠷ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ︵ᠨᠢᠭᠡ︶ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ ᠤᠲᠠᠰᠤ᠄ 0475 - 7922256 ︵ᠠᠵᠢᠯ ᠤᠨ ᠡᠳᠦᠷ ᠤᠨ ᠬᠤᠭᠤᠴᠠᠭᠠᠨ ᠳᠤ ᠢᠯᠡᠴᠢᠯᠡᠨ ᠮᠡᠳᠡᠭᠦᠯᠵᠦ᠂ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠤᠯᠳᠠᠯ᠎ᠠ︶᠃ ︵ᠬᠤᠶᠠᠷ︶ ᠢᠯᠡᠴᠢᠯᠡᠨ ᠮᠡᠳᠡᠭᠦᠯᠬᠦ ᠰᠢᠤᠳᠠᠨ ᠤ ᠬᠠᠶᠢᠷᠴᠠᠭ᠄ 1090099349@qqcom ᠥᠷᠭᠡᠨ ᠣᠯᠠᠨ ᠠᠷᠠᠳ ᠲᠦᠮᠡᠨ ᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ᠂ ᠣᠢ ᠰᠢᠭᠤᠢ ᠡᠪᠡᠰᠦ ᠪᠡᠯᠴᠢᠭᠡᠷ ᠢ ᠰᠦᠢᠳᠭᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢᠨ ᠬᠠᠮᠲᠤ ᠠᠰᠠᠭᠤᠳᠠᠯ ᠢ ᠦᠨᠡᠨ ᠪᠣᠳᠠᠲᠠᠶ ᠪᠠᠷ ᠲᠤᠰᠬᠠᠵᠤ᠂ ᠠᠯᠢ ᠴᠢᠳᠠᠬᠤ ᠪᠠᠷ ᠪᠣᠳᠠᠲᠠᠶ ᠠᠰᠠᠭᠤᠳᠠᠯ ᠢ ᠦᠨᠳᠦᠰᠦᠯᠡᠨ ᠬᠤᠯᠪᠣᠭᠳᠠᠯ ᠪᠦᠬᠦᠢ ᠠᠰᠠᠭᠤᠳᠠᠯ ᠤᠨ ᠪᠣᠳᠠᠲᠠᠶ ᠦᠢᠯᠡ ᠪᠠᠶᠢᠳᠠᠯ ᠪᠠ ᠭᠡᠷᠡᠴᠢ ᠪᠠᠷᠢᠮᠲᠠ ᠶᠢ ᠬᠠᠩᠭᠠᠬᠤ ᠬᠡᠷᠡᠭᠲᠡᠢ᠂ ᠬᠡᠷᠪᠡ ᠡᠭᠦᠰᠦᠭᠰᠡᠨ ᠴᠠᠭ᠂ ᠭᠠᠵᠠᠷ᠂ ᠬᠤᠯᠪᠣᠭᠳᠠᠭᠰᠠᠨ ᠨᠢᠭᠡᠴᠡ ᠶᠢᠨ ᠬᠤᠪᠢ ᠬᠥᠮᠦᠨ᠂ ᠪᠠᠶᠢᠳᠠᠯ ᠢ ᠮᠡᠳᠡᠬᠦ ᠬᠥᠮᠦᠨ ᠵᠢᠴᠢ ᠪᠣᠳᠠᠰ ᠤᠨ ᠭᠡᠷᠡᠴᠢ ᠵᠡᠷᠭᠡ ᠶᠢ ᠬᠠᠩᠭᠠᠨ᠎ᠠ᠃ ᠢᠯᠡᠴᠢᠯᠡᠨ ᠮᠡᠳᠡᠭᠦᠯᠦᠭᠴᠢ ᠲᠤᠰᠬᠠᠭᠰᠠᠨ ᠠᠰᠠᠭᠤᠳᠠᠯ ᠤᠨ ᠦᠨᠡᠨ ᠪᠣᠳᠠᠲᠤ ᠴᠢᠨᠠᠷ ᠢ ᠠᠷᠭᠠᠴᠠᠬᠤ ᠳᠤ ᠬᠠᠷᠢᠭᠤᠴᠠᠵᠤ᠂ ᠥᠰᠬᠡᠨ ᠶᠡᠬᠡᠳᠬᠡᠬᠦ ᠪᠤᠶᠤ ᠪᠣᠳᠠᠲᠤ ᠶᠠᠪᠤᠳᠠᠯ ᠢ ᠭᠠᠵᠢᠭᠤᠳᠠᠭᠤᠯᠵᠤ ᠪᠣᠯᠬᠤ ᠦᠭᠡᠶ᠂ ᠮᠠᠲ᠋ᠧᠷᠢᠶᠠᠯ ᠵᠣᠬᠢᠶᠠᠵᠤ ᠪᠤᠰᠤᠳ ᠢ ᠭᠦᠳᠬᠡᠨ ᠵᠠᠭᠠᠯᠳᠤᠵᠤ ᠪᠣᠯᠬᠤ ᠦᠭᠡᠶ᠃ ᠢᠯᠡᠴᠢᠯᠡᠨ ᠮᠡᠳᠡᠭᠦᠯᠬᠦ ᠪᠠᠷ ᠳᠠᠮᠵᠢᠨ ᠵᠣᠷᠢᠭᠤᠳᠠ ᠬᠡᠷᠡᠭ ᠵᠣᠬᠢᠶᠠᠵᠤ ᠪᠤᠰᠤᠳ ᠢ ᠭᠦᠳᠬᠡᠨ ᠵᠠᠭᠠᠯᠳᠤᠭᠰᠠᠨ ᠪᠣᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠶ᠋ᠳᠪᠦᠷᠢᠯᠡᠬᠦ ᠬᠡᠷᠡᠭᠲᠡᠶ᠃      ᠬᠤᠤᠯᠢᠩᠭᠤᠤᠯ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ         2025 ᠣᠨ ᠤ 4 ᠰᠠᠷ᠎ᠠ ᠶᠢᠨ 17 ᠤ ᠡᠳᠦᠷ
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号