| | | | | | ᠬᠤᠤᠯᠢᠩᠭᠤᠤᠯ ᠬᠤᠲᠠ ᠶᠢᠨ ᠢ ᠪᠢᠨ ᠨᠡᠶᠢᠭᠡᠮ ᠲᠣᠭᠤᠷᠢᠭ ᠤᠨ ᠬᠤᠤᠯᠢᠩᠭᠤᠤᠯ ᠤᠨ ᠬᠠᠳᠬᠤᠮᠠᠯ ᠤᠨ | ᠠᠵᠢᠯ ᠤᠨ ᠲᠠᠰᠤᠭ ᠲᠤ᠂ ᠦᠨ᠎ᠡ ᠲᠥᠯᠥᠪᠦᠷᠢ ᠦᠭᠡᠶ ᠪᠠᠷ ᠮᠣᠩᠭᠤᠯ ᠦᠨᠳᠦᠰᠦᠲᠡᠨ ᠤ ᠬᠠᠳᠬᠤᠮᠠᠯ ᠤᠨ ᠬᠢᠴᠢᠶᠡᠯ | ᠰᠠᠭᠤᠭᠠᠯᠢ ᠠᠷᠠᠳ ᠤᠨ ︽ᠲᠤᠷ᠎ᠠ ᠪᠠᠬ᠎ᠠ︾ ᠪᠣᠯᠪᠠ᠃ ᠲᠡᠭ ᠰᠠᠭᠤᠷᠢ ᠲᠠᠢ ᠰᠤᠷᠤᠭᠴᠢᠳ ᠵᠡᠭᠦᠦ | ᠲᠠᠰᠤᠷᠠᠭᠰᠠᠨ ᠠᠴᠠ ᠡᠬᠢᠯᠡᠨ ᠲᠠᠯ᠎ᠠ ᠨᠤᠲᠤᠭ ᠤᠨ ᠴᠡᠴᠡᠭ᠂ ᠡᠭᠦᠯᠡᠨ ᠬᠡ ᠬᠠᠳᠬᠤᠵᠤ᠂ ᠤᠯᠠᠮᠵᠢᠯᠠᠯᠲᠤ ᠤᠷ᠎ᠠ | ᠮᠡᠷᠭᠡᠵᠢᠯ ᠨᠢ ᠬᠤᠷᠤᠭᠤᠨ ᠤ ᠦᠵᠦᠭᠦᠷ ᠲᠤ ᠰᠢᠨ᠎ᠡ ᠠᠮᠢᠯᠠᠭᠰᠠᠨ ᠪᠠᠶᠢᠨ᠎ᠠ᠃ ᠬᠤᠤᠯᠢᠨ ᠬᠠᠳᠬᠤᠮᠠᠯ ᠠᠵᠢᠯᠯᠠᠬᠤ | ᠲᠠᠰᠤᠭ ᠲᠤ᠂ ᠰᠤᠷᠤᠭᠴᠢᠳ ᠨᠢᠭᠡ ᠯᠡ ᠰᠡᠳᠬᠢᠯ ᠢᠶᠠᠷ ᠰᠢᠭᠢᠳᠷᠡᠵᠦ ᠵᠡᠭᠦᠦ ᠤᠳᠠᠰᠦ ᠪᠠᠨ ᠰᠢᠪᠲᠤᠷᠤᠨ ᠂ ᠲᠠᠪᠤᠨ | ᠥᠩᠭᠡ ᠶᠢᠨ ᠲᠣᠷᠭᠠᠨ ᠤᠲᠠᠰᠤ ᠬᠥᠪᠥᠩ ᠪᠥᠰ ᠳᠡᠭᠡᠷ᠎ᠡ ᠴᠠᠨ᠎ᠠ ᠴᠡᠴᠡᠭ᠂ ᠡᠷᠪᠡᠬᠡᠢ ᠵᠡᠷᠭᠡ ᠵᠢᠷᠤᠭ ᠳᠦᠷᠰᠦ ᠶᠢ | ᠵᠢᠷᠤᠵᠤ ᠭᠠᠷᠭᠠᠪᠠ᠂ ᠬᠢᠴᠢᠶᠡᠯᠯᠡᠬᠦ ᠪᠠᠭᠰᠢᠨᠠᠷ ᠰᠢᠭᠤᠳ ᠭᠠᠷᠳᠠᠨ ᠵᠠᠯᠠᠷᠠᠭᠤᠯᠤᠨ᠎ᠠ᠃ ︽ᠪᠠᠭᠰᠢ ᠶᠢᠨ ᠵᠢᠭᠠᠭᠰᠠᠨ ᠨᠢ | ᠮᠠᠰᠢ ᠰᠠᠶᠢᠨ᠂ ᠵᠢᠷᠤᠭ ᠵᠢᠷᠤᠬᠤ ᠠᠴᠠ ᠨᠢᠭᠡ ᠵᠡᠭᠦᠯᠳᠡ ᠨᠢᠭᠡ ᠤᠲᠠᠰᠤᠨ ᠳᠤ ᠬᠠᠳᠬᠤᠨ ᠬᠠᠳᠬᠤᠬᠤ ᠬᠦᠷᠲᠡᠯ᠎ᠡ | ᠣᠨᠴᠠᠭᠠᠢ ᠨᠠᠷᠢᠨ ᠬᠢᠨᠠᠮᠠᠭᠠᠢ ᠪᠠᠶᠢᠨ᠎ᠠ᠂ ᠪᠢ ᠲᠡᠭ ᠰᠠᠭᠤᠷᠢ ᠠᠴᠠ ᠣᠳᠣ ᠪᠣᠯᠲᠠᠯ᠎ᠠ ᠬᠠᠭᠠᠰ ᠵᠢᠯ ᠪᠣᠯᠵᠠᠢ᠂ ᠡᠨᠡ | ᠪᠣᠯ ᠮᠢᠨᠦ ᠰᠠᠶᠢᠨ ᠬᠠᠳᠬᠤᠭᠰᠠᠨ ᠬᠤᠤᠯᠢᠨ ᠵᠢᠵᠢᠭ ᠪᠠᠶᠠᠰᠤᠯ᠂ ᠭᠤᠶᠤ ᠦᠦ︖︾ ᠭᠡᠵᠦ ᠠᠰᠠᠭᠤᠪᠠ᠃ 60 | ᠭᠠᠷᠤᠢ ᠨᠠᠰᠤᠲᠠᠶ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠨᠢᠤ ᠠᠨᠢᠶ᠎ᠠ ᠪᠣᠯ ᠬᠢᠴᠢᠶᠡᠯ ᠤᠨ ᠲᠠᠩᠬᠢᠮ ᠤᠨ ︽ | ᠰᠢᠯᠢᠳᠡᠭ ᠰᠤᠷᠤᠭᠴᠢ︾ ᠮᠥᠨ᠂ ᠲᠡᠷᠡ ᠰᠤᠷᠪᠤᠯᠵᠢᠯᠠᠭᠴᠢ ᠳᠤ ᠥᠪᠡᠷ ᠤᠨ ᠬᠠᠮᠤᠭ ᠤᠨ ᠰᠢᠨ᠎ᠡ ᠪᠦᠲᠦᠭᠡᠯ ᠢᠶᠠᠨ | ᠳᠡᠯᠭᠡᠨ ᠦᠵᠡᠭᠦᠯᠵᠡᠶ᠃ ᠢ ᠪᠢᠨ ᠨᠡᠶᠢᠭᠡᠮ ᠲᠣᠭᠤᠷᠢᠭ ᠲᠤ ᠰᠦᠢᠳᠭᠡᠯ ᠬᠤᠷᠢᠶᠠᠬᠤ ᠥᠬᠡᠢ ᠪᠠᠷ ᠪᠠᠢᠭᠤᠯᠤᠭᠰᠠᠨ | ᠮᠣᠩᠭᠤᠯ ᠬᠠᠳᠭᠤᠮᠠᠯ ᠤᠨ ᠬᠢᠴᠢᠶᠡᠯ ᠤᠨ ᠲᠠᠩᠬᠢᠮ ᠨᠢ ᠭᠠᠷᠠᠭ ᠪᠦᠷᠢ ᠶᠢᠨ 2 ᠤ ᠦᠳᠡ ᠶᠢᠨ ᠬᠤᠶᠢᠨ᠎ᠠ | ᠬᠢᠴᠢᠶᠠᠯᠯᠠᠵᠦ ᠬᠤᠭᠤᠰᠣᠨ ᠰᠠᠭᠤᠳᠠᠯ ᠪᠠᠶᠢᠬᠤ ᠥᠬᠡᠢ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠠᠮᠲᠤ | ᠰᠠᠭᠤᠵᠤ᠂ ᠪᠠᠭᠰᠢ ᠶᠢᠨ ᠵᠢᠯᠤᠭᠤᠳᠤᠯᠭ᠎ᠠ ᠳᠣᠣᠷ᠎ᠠ᠂ ᠤᠨᠢᠰᠦᠳᠦ ᠬᠠᠳᠬᠤᠮᠠᠯ᠂ ᠠᠯᠳᠠ ᠬᠠᠳᠬᠤᠮᠠᠯ ᠬᠢᠬᠦ ᠵᠡᠷᠭᠡ | ᠮᠣᠩᠭᠤᠯ ᠦᠨᠳᠦᠰᠦᠲᠡᠨ ᠤ ᠤᠯᠠᠮᠵᠢᠯᠠᠯᠲᠤ ᠵᠡᠭᠦᠦ ᠶᠢᠨ ᠠᠷᠭ᠎ᠠ ᠶᠢ ᠰᠤᠷᠤᠯᠴᠠᠪᠠ᠃ ᠬᠢᠴᠢᠶᠡᠯ ᠨᠢ ᠬᠠᠮᠤᠭ ᠤᠨ | ᠰᠠᠭᠤᠷᠢ ᠥᠩᠭᠡ ᠲᠠᠢ ᠥᠩᠭᠡ ᠲᠣᠬᠢᠷᠠᠭᠤᠯᠬᠤ ᠪᠥᠰ ᠢᠶᠠᠷ ᠪᠢᠯᠬᠠᠵᠤ᠂ ᠵᠢᠷᠤᠭ ᠳᠦᠷᠰᠦ ᠨᠢ ᠲᠠᠯ᠎ᠠ ᠨᠤᠲᠤᠭ ᠤᠨ | ᠨᠠᠮᠪᠠ ᠠᠴᠠ ᠢᠷᠡᠯᠲᠡ ᠲᠠᠢ ᠪᠠᠶᠢᠳᠠᠭ᠂ ᠬᠠᠳᠬᠤᠮᠠᠯ ᠨᠢ ᠬᠦᠵᠦᠭᠦᠨ ᠤ ᠣᠷᠢᠶᠠᠯᠲᠠ᠂ ᠡᠯᠭᠦᠭᠡ ᠵᠢᠷᠤᠭ᠂ | ᠴᠢᠨᠠᠭᠰᠢᠯᠠᠭᠠᠳ ᠣᠳᠣ ᠦᠶ᠎ᠡ ᠶᠢᠨ ᠬᠤᠪᠴᠠᠰᠤ ᠵᠠᠰᠠᠯ ᠢᠶᠠᠷ ᠪᠦᠷᠢᠯᠳᠦᠳᠡᠭ᠃ ᠣᠶᠢᠯᠭᠠᠭᠰᠠᠨ ᠢᠶᠠᠷ᠂ ᠰᠦᠯᠵᠢᠮᠡᠯ | ᠮᠣᠩᠭᠤᠯ ᠬᠠᠳᠬᠤᠮᠠᠯ ᠪᠣᠯ ᠮᠣᠩᠭᠤᠯ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠴᠢᠬᠤᠯᠠ ᠪᠦᠷᠢᠯᠳᠦᠬᠦᠨ | ᠬᠡᠰᠡᠭ ᠪᠠᠶᠢᠵᠤ᠂ ᠪᠦᠳᠦᠭᠦᠯᠢᠭ ᠪᠥᠭᠡᠳ ᠵᠢᠭᠳᠡ ᠰᠢᠯᠤᠭᠤᠨ ᠵᠡᠭᠦᠦ ᠲᠠᠷᠢᠬᠤ ᠠᠷᠭ᠎ᠠ ᠪᠠ ᠢᠯᠡ ᠲᠣᠳᠣ | ᠬᠠᠷᠢᠴᠠᠭᠤᠯᠤᠭᠰᠠᠨ ᠥᠩᠭᠡ ᠪᠤᠳᠤᠭ ᠪᠠᠷ ᠣᠨᠴᠠᠯᠢᠭ ᠪᠣᠯᠭᠠᠵᠤ᠂ ᠲᠠᠯ᠎ᠠ ᠨᠤᠲᠤᠭ ᠤᠨ ᠰᠣᠶᠣᠯ ᠪᠠ ᠨᠡᠭᠦᠳᠡᠯ | ᠠᠮᠢᠳᠤᠷᠠᠯ ᠤᠨ ᠥᠪᠡᠷᠮᠢᠴᠡ ᠭᠤᠸ᠎ᠠ ᠰᠠᠶᠢᠬᠠᠨ ᠢ ᠠᠭᠤᠰᠤᠯᠴᠠᠭᠤᠯᠤᠭᠰᠠᠨ ᠪᠠᠶᠢᠨ᠎ᠠ᠃ 2008 ᠣᠨ ᠳᠤ ᠲᠤᠮᠳᠠᠳᠦ | ᠤᠯᠤᠰ ᠤᠨ 2 ᠳ᠋ᠦ᠋ᠭᠡᠷ ᠪᠦᠯᠦᠭ ᠤᠨ ᠤᠯᠤᠰ ᠤᠨ ᠳᠡᠰ ᠤᠨ ᠪᠣᠳᠠᠰ ᠤᠨ ᠪᠤᠰᠤ ᠰᠤᠶᠤᠯ ᠤᠨ ᠥᠪ ᠤᠨ ᠨᠡᠷᠡᠰ ᠲᠤ | ᠵᠢᠭᠰᠠᠭᠠᠭᠳᠠᠪᠠ᠃ ︽ᠮᠠᠨ ᠤ ᠨᠡᠶᠢᠭᠡᠮ ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠳᠬᠤᠮᠠᠯ ᠤᠨ | ᠠᠩᠭᠢ ᠨᠢᠭᠡᠨᠲᠡ ᠬᠠᠭᠠᠰ ᠵᠢᠯ ᠭᠠᠷᠤᠶ ᠨᠡᠭᠡᠭᠡᠪᠡ᠂ ᠣᠲᠣ ᠠᠷᠪᠠ ᠭᠠᠷᠤᠶ ᠰᠤᠷᠤᠭᠴᠢ ᠲᠠᠢ ᠪᠠᠶᠢᠵᠤ᠂ | ᠪᠣᠯᠪᠠᠰᠤᠷᠠᠯ ᠤᠨ ᠠᠩᠭᠢ ᠨᠡᠭᠡᠭᠡᠬᠦ ᠨᠢ ᠭᠤᠤᠯᠳᠠᠭᠤ ᠬᠠᠳᠬᠤᠮᠠᠯ ᠳᠤ ᠰᠣᠨᠢᠷᠬᠠᠯ ᠲᠠᠢ ᠰᠠᠭᠤᠭᠠᠯᠢ ᠠᠷᠠᠳ ᠢ | ᠰᠢᠩᠭᠡᠭᠡᠨ ᠠᠪᠬᠤ ᠶᠢᠨ ᠲᠥᠯᠥᠭᠡ ᠶᠤᠮ᠂ ᠡᠨᠡ ᠬᠦ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ | ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ ᠶᠤᠮ︾ ᠭᠡᠵᠦ ᠬᠡᠯᠡᠪᠡ᠃ ᠢ ᠪᠢᠨ ᠨᠡᠶᠢᠭᠡᠮ ᠲᠣᠭᠤᠷᠢᠭ ᠤᠨ ᠬᠤᠤᠯᠢᠨ | ᠬᠠᠳᠬᠤᠮᠠᠯ ᠡᠭᠡᠴᠢ ᠶᠢᠨ ᠠᠵᠢᠯᠯᠠᠬᠤ ᠲᠠᠰᠤᠭ ᠤᠨ ᠬᠠᠷᠢᠭᠤᠴᠠᠯᠭᠠᠲᠠᠨ ᠲᠦᠩ ᠷᠦᠢ ᠰᠢᠤᠸᠠᠢ ᠬᠡᠯᠡᠪᠡ᠃ ᠲᠣᠷᠭᠠᠨ | ᠤᠲᠠᠰᠤ ᠠᠴᠠ ᠨᠢᠭᠡ ᠵᠢᠷᠤᠭ ᠬᠦᠷᠲᠡᠯ᠎ᠡ᠂ ᠢ ᠪᠢᠨ ᠨᠡᠶᠢᠭᠡᠮ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ | ᠬᠢᠴᠢᠶᠡᠯ ᠤᠨ ᠲᠠᠩᠬᠢᠮ ᠢᠶᠠᠷ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠪᠠ ᠠᠷᠠᠳ ᠤᠨ ᠠᠮᠢᠳᠤᠷᠠᠯ ᠤᠨ | ᠤᠳᠬ᠎ᠠ ᠠᠭᠤᠯᠭ᠎ᠠ ᠶᠢ ᠬᠤᠯᠪᠣᠵᠤ᠂ ᠤᠯᠠᠮᠵᠢᠯᠠᠯᠲᠤ ᠤᠷ᠎ᠠ ᠮᠡᠷᠭᠡᠵᠢᠯ ᠢ ᠨᠡᠶᠢᠭᠡᠮ ᠲᠣᠭᠤᠷᠢᠭ ᠤᠨ ᠬᠥᠷᠥᠰᠥ | ᠰᠢᠷᠣᠢ ᠳᠤ ᠦᠨᠳᠦᠰᠦᠯᠡᠭᠦᠯᠵᠦ᠂ ᠥᠩᠭᠡᠲᠦ ᠤᠲᠠᠰᠤ ᠨᠢᠭᠡᠪᠦᠷᠢ ᠶᠢ ᠴᠥᠮ ᠡᠨᠡ ᠬᠤᠳᠠ ᠳᠤ ᠬᠠᠷᠢᠶᠠᠯᠠᠭᠳᠠᠬᠤ | ᠦᠨᠳᠦᠰᠦᠲᠡᠨ ᠤ ᠳᠤᠷᠠᠰᠤᠮᠵᠢ ᠶᠢ ᠨᠡᠬᠡᠵᠦ ᠪᠠᠶᠢᠨ᠎ᠠ᠃ | | | |