ᠬᠠᠷᠢᠶᠠᠳᠣ ᠳᠣᠭᠤᠷᠢᠭ ᠤᠨ ᠣᠷᠴᠢᠨ ᠳᠣᠭᠤᠷᠢᠨ ᠤ ᠴᠢᠨᠠᠷ ᠴᠢᠨᠰᠠᠭ᠎ᠠ ᠶᠢ ᠣᠯᠠᠮ ᠨᠢᠬᠡ ᠠᠯᠬᠤᠮ | ᠳᠡᠬᠡᠭᠰᠢᠯᠡᠬᠦᠯᠵᠣ᠂ᠨᠠᠷᠢᠯᠢᠭ ᠵᠢᠵᠢᠭ ᠬᠤᠳᠠ ᠶᠢᠨ ᠪᠦᠳᠦᠬᠡᠨ ᠪᠠᠶᠢᠭᠤᠯᠣᠯᠳᠠ ᠶᠢᠨ ᠳᠣᠳᠣᠭᠠᠳᠣ ᠶᠢ ᠬᠠᠮᠠᠭᠠᠯᠠᠬᠤ | ᠳᠣᠪᠴᠢᠶ᠎ᠠ ᠠᠴᠠ ᠬᠤᠳᠠ ᠶᠢᠨ ᠨᠠᠷᠢᠯᠢᠭᠵᠢᠭᠤᠯᠣᠯᠳᠠ ᠶᠢᠨ ᠬᠠᠮᠢᠶᠠᠷᠣᠯᠳᠠ ᠶᠢ ᠳᠦᠯᠬᠢᠨ ᠠᠬᠢᠭᠤᠯᠬᠤ ᠶᠢᠨ ᠳᠦᠯᠦᠬᠡ | ᠂ ᠬᠤᠳᠠ ᠶᠢᠨ ᠶᠡᠷᠦᠩᠭᠡᠶᠢᠯᠡᠭᠰᠡᠨ ᠬᠠᠣᠯᠢ ᠬᠡᠷᠡᠭᠵᠢᠬᠦᠯᠬᠦ ᠳᠣᠪᠴᠢᠶ᠎ᠠ᠂ ᠬᠤᠳᠠ ᠶᠢᠨ ᠭᠠᠯ ᠣᠨᠳᠠᠷᠠᠭᠠᠬᠤ ᠠᠪᠣᠷᠠᠨ | ᠳᠣᠰᠠᠯᠠᠬᠤ ᠶᠡᠭᠡ ᠠᠩᠬᠢ᠂ ᠬᠤᠳᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠣᠷᠴᠢᠨ ᠳᠣᠭᠤᠷᠢᠨ ᠤ ᠡᠷᠡᠬᠦᠯ | ᠬᠠᠮᠠᠭᠠᠯᠠᠯ ᠵᠡᠷᠬᠡ ᠣᠯᠠᠨ ᠰᠠᠯᠠᠭ᠎ᠠ ᠮᠦᠴᠢᠷ ᠯᠦᠭᠡ ᠬᠤᠯᠪᠣᠭᠠᠯᠠᠨ ᠳᠣᠷ᠎ᠠ ᠪᠠᠷ ᠣᠪᠣᠭᠠᠯᠠᠵᠣ ᠳᠣᠷ᠎ᠠ ᠪᠠᠷ ᠳᠠᠯᠪᠢᠬᠤ ᠶᠢ | ᠳᠣᠰᠬᠠᠢ ᠳᠦᠷᠦᠯ ᠤᠨ ᠵᠠᠰᠠᠨ ᠴᠡᠭᠴᠡᠯᠡᠬᠦ ᠠᠵᠢᠯᠯᠠᠭ᠎ᠠ ᠦᠷᠨᠢᠬᠦᠯᠵᠣ᠂ ᠣᠯᠠᠨ ᠨᠡᠶᠢᠳᠡ ᠶᠢᠨ ᠣᠷᠣᠨ ᠬᠡᠪᠴᠢᠶᠠᠨ ᠤ | ᠡᠯᠳᠡᠪ ᠵᠦᠢᠯ ᠣᠪᠣᠭᠠᠯᠠᠵᠣ ᠪᠠᠶᠢᠭ᠎ᠠ ᠠᠰᠠᠭᠤᠳᠠᠯ ᠢ ᠪᠦᠬᠦ ᠳᠠᠯ᠎ᠠ ᠪᠠᠷ ᠵᠠᠰᠠᠵᠣ᠂ ᠠᠮᠣᠷ ᠳᠦᠪᠰᠢᠨ ᠤ ᠬᠡᠮ | ᠰᠣᠭᠤᠭ ᠢ ᠦᠨᠡᠨ ᠬᠦ ᠠᠷᠢᠯᠭᠠᠵᠣ᠂ ︽ᠴᠡᠪᠡᠷ ᠳᠣᠬᠢᠯᠢᠭ ᠡᠮᠬᠢ ᠴᠡᠭᠴᠡ ᠲᠠᠢ᠂ ᠰᠠᠭᠤᠷᠢᠰᠢᠵᠣ ᠠᠵᠢᠯᠯᠠᠬᠤ ᠳᠤ | ᠳᠣᠬᠢᠷᠠᠮᠵᠢᠳᠠᠢ︾ ᠣᠷᠣᠨ ᠰᠠᠭᠤᠴᠠ ᠶᠢᠨ ᠣᠷᠴᠢᠨ ᠳᠣᠭᠤᠷᠢᠨ ᠢ ᠪᠣᠢ ᠪᠣᠯᠭᠠᠪᠠ᠃ | | | | | ᠤᠬᠠᠭᠤᠯᠭ᠎ᠠ ᠶᠢ ᠤᠷᠢᠳᠠᠪᠠᠷ ᠬᠢᠵᠦ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ ᠬᠡᠷᠡᠭᠲᠡᠢ᠃ ᠴᠡᠭᠴᠡᠯᠡᠨ ᠵᠠᠰᠠᠬᠤ ᠡᠮᠦᠨᠡᠬᠢ ᠬᠤᠭᠤᠴᠠᠭᠠᠨ ᠳᠤ᠂ ᠡᠯ᠎ᠡ ᠨᠡᠶᠢᠭᠡᠮ ᠲᠣᠭᠤᠷᠢᠭ ᠨᠢ ︽ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ︾ ᠬᠤᠤᠰ ᠠᠷᠭ᠎ᠠ ᠵᠠᠮ ᠢᠶᠠᠷ ᠮᠡᠳᠡᠭᠳᠡᠯ ᠨᠡᠶᠢᠲᠡᠯᠡᠵᠦ᠂ | ᠰᠦᠯᠵᠢᠶᠡᠨ ᠳᠡᠭᠡᠷ᠎ᠡ ᠨᠡᠶᠢᠭᠡᠮ ᠲᠣᠭᠤᠷᠢᠭ ᠤᠨ ᠸᠢᠴᠠᠲ ᠤᠨ ᠪᠦᠯᠦᠭ᠂ ᠵᠡᠭᠡᠯᠢ ᠭᠤᠳᠤᠮᠵᠢ ᠶᠢᠨ ᠣᠯᠠᠨ | ᠨᠡᠶᠢᠲᠡ ᠶᠢᠨ ᠳ᠋ᠤᠭᠠᠷ ᠲᠤ ᠲᠦᠰᠢᠭᠯᠡᠨ ︽ᠰᠠᠭᠤᠭᠠᠯᠢ ᠠᠷᠠᠳ ᠲᠤ ᠥᠭᠭᠦᠭᠰᠡᠨ ᠨᠢᠭᠡ ᠬᠤᠪᠢ ᠵᠠᠬᠢᠳᠠᠯ︾ ᠢ | ᠨᠡᠶᠢᠲᠡᠯᠡᠵᠦ᠂ ᠵᠢᠷᠤᠭ ᠪᠢᠴᠢᠭ ᠢ ᠬᠤᠣᠰᠯᠠᠭᠤᠯᠤᠭᠰᠠᠨ ᠬᠡᠯᠪᠡᠷᠢ ᠪᠠᠷ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠭᠠᠯ | ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠵᠢᠴᠢ ᠣᠷᠴᠢᠨ ᠲᠣᠭᠤᠷᠢᠨ ᠤ ᠬᠤᠤᠷ ᠬᠥᠨᠥᠭᠡᠯ ᠢ ᠳᠡᠯᠭᠡᠨ | ᠦᠵᠡᠭᠦᠯᠪᠡ︔ ᠰᠦᠯᠵᠢᠶᠡᠨ ᠭᠠᠳᠠᠨ᠎ᠠ ᠰᠦᠯᠵᠢᠶᠡᠨ ᠤ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ | ᠪᠠᠶᠢᠭᠤᠯᠤᠨ ᠡᠷᠦᠬᠡ ᠳᠤ ᠣᠷᠣᠵᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠳᠤᠷ᠎ᠠ ᠪᠠᠷ ᠢᠶᠠᠨ ᠣᠪᠣᠭᠠᠯᠠᠵᠤ | ᠳᠤᠷ᠎ᠠ ᠪᠠᠷ ᠢᠶᠠᠨ ᠲᠠᠯᠪᠢᠬᠤ ᠮᠡᠳᠡᠭᠳᠡᠯ ᠤᠨ ᠪᠢᠴᠢᠭ ᠲᠣᠭᠲᠠᠵᠤ᠂ ᠵᠢᠵᠢᠭ ᠲᠣᠭᠤᠷᠢᠭ ᠤᠨ ᠡᠭᠦᠳᠡᠨ ᠳᠡᠭᠡᠷ᠎ᠡ | ᠴᠡᠪᠡᠷᠯᠡᠬᠦ ᠮᠡᠳᠡᠭᠳᠡᠯ ᠨᠠᠭᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠠᠭᠤᠭᠠᠯᠢ ᠠᠷᠠᠳ ᠲᠤ ᠰᠡᠷᠡᠮᠵᠢᠯᠡᠭᠦᠯᠪᠡ᠃ | ᠣᠯᠠᠨ ᠲᠠᠯ᠎ᠠ ᠶᠢᠨ ᠤᠬᠠᠭᠤᠯᠭ᠎ᠠ ᠪᠠᠷ ᠳᠠᠮᠵᠢᠭᠤᠯᠤᠨ᠂ ᠨᠡᠶᠢᠲᠡ 5000 ᠭᠠᠷᠤᠶ ᠬᠥᠮᠦᠨ ᠤᠳᠠᠭ᠎ᠠ ᠰᠠᠭᠤᠭᠠᠯᠢ | ᠠᠷᠠᠳ ᠢ ᠬᠠᠮᠤᠷᠴᠤ᠂ ︽ᠬᠥᠮᠦᠨ ᠪᠦᠬᠦᠨ ᠣᠷᠴᠢᠨ ᠠᠬᠤᠶ ᠶᠢᠨ ᠵᠠᠰᠠᠯᠲᠠ ᠳᠤ ᠣᠷᠣᠯᠴᠠᠬᠤ︾ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠬᠤ ᠶᠢ ᠳᠥᠯᠭᠢᠨ ᠠᠬᠢᠭᠤᠯᠪᠠ᠃ | ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠷᠬᠠᠭ ᠭᠡᠮ ᠢ ᠲᠥᠷᠥᠯ ᠬᠤᠪᠢᠶᠠᠨ ᠵᠠᠰᠠᠪᠠ᠃ | ᠴᠡᠭᠴᠡᠯᠡᠨ ᠵᠠᠰᠠᠬᠤ ᠶᠠᠪᠤᠴᠠ ᠳᠤ᠂ ᠡᠯ᠎ᠡ ᠨᠡᠶᠢᠭᠡᠮ ᠲᠣᠭᠤᠷᠢᠭ ᠤᠨ ᠬᠠᠮᠲᠤᠷᠠᠭᠰᠠᠨ ᠬᠠᠤᠯᠢ ᠬᠡᠷᠡᠭᠵᠢᠭᠦᠯᠬᠦ | ᠡᠩᠨᠡᠭᠡ ᠳᠤ ︽ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ︾ ᠠᠷᠭ᠎ᠠ ᠮᠠᠶ᠋ᠢᠭ ᠢ ᠠᠪᠴᠤ᠂ ᠬᠠᠷᠢᠶ᠎ᠠ ᠣᠷᠣᠨ ᠤ | 16 ᠣᠷᠣᠨ ᠰᠠᠭᠤᠴᠠ ᠶᠢᠨ ᠵᠢᠵᠢᠭ ᠲᠣᠭᠤᠷᠢᠭ ᠲᠤ ︽ᠲᠣᠤᠷ ᠲᠠᠲᠠᠬᠤ ᠮᠠᠶ᠋ᠢᠭ︾ ᠤᠨ ᠵᠢᠭᠰᠠᠭᠠᠨ ᠪᠠᠶᠢᠴᠠᠭᠠᠯᠲᠠ | ᠬᠢᠵᠦ᠂ ᠠᠰᠠᠭᠤᠳᠠᠯ ᠤᠨ ᠡᠬᠡ ᠲᠠᠩᠰᠠ ᠪᠠᠶᠢᠭᠤᠯᠤᠨ᠂ ︽ᠨᠠᠷᠢᠨ ᠲᠠᠩᠰᠠ︾ ᠶᠢᠨ ᠬᠠᠮᠢᠶᠠᠷᠤᠯᠲᠠ ᠶᠢ ᠬᠡᠷᠡᠭᠵᠢᠭᠦᠯᠪᠡ | ᠃ ᠠᠳᠠᠯᠢ ᠪᠤᠰᠤ ᠣᠷᠣᠨ ᠪᠦᠰᠡ ᠶᠢᠨ ᠣᠨᠴᠠᠯᠢᠭ ᠢ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠦᠨ᠎ᠡ᠄ | ᠣᠯᠠᠨ ᠨᠡᠶᠢᠲᠡ ᠶᠢᠨ ᠣᠷᠣᠨ ᠪᠦᠰᠡ ᠶᠢᠨ ᠣᠨᠴᠠᠯᠢᠭ ᠪᠦᠬᠦᠢ ᠬᠠᠶᠠᠭᠳᠠᠮᠠᠯ ᠬᠠᠭᠤᠴᠢᠨ ᠬᠡᠷ ᠤᠨ ᠬᠡᠷᠡᠭᠰᠡᠯ᠂ | ᠪᠠᠷᠢᠯᠭ᠎ᠠ ᠶᠢᠨ ᠬᠤᠭ ᠨᠣᠪᠰᠢ ᠵᠡᠷᠭᠡ ᠲᠣᠮᠣ ᠵᠦᠢᠯ ᠤᠨ ᠡᠯᠳᠡᠪ ᠪᠣᠳᠠᠰ ᠢ ᠭᠤᠤᠯᠳᠠᠯᠭ᠎ᠠ ᠲᠠᠢ ᠴᠡᠪᠡᠷᠯᠡᠵᠦ᠂ ᠣᠷᠴᠢᠨ | ᠲᠣᠭᠤᠷᠢᠨ ᠤ ᠠᠷᠢᠭᠤᠨ ᠴᠡᠪᠡᠷ ᠤᠨ ᠰᠠᠯᠠᠭ᠎ᠠ ᠮᠥᠴᠢᠷ ᠢ ᠵᠣᠬᠢᠴᠠᠭᠤᠯᠤᠨ ᠲᠡᠷᠭᠡ ᠬᠥᠰᠬᠡ ᠶᠢ ᠰᠢᠯᠵᠢᠭᠦᠯᠦᠨ | ᠲᠡᠭᠡᠭᠡᠪᠦᠷᠢᠯᠡᠵᠦ᠂ ︽ᠳᠠᠷᠦ᠋ᠢᠬᠠᠨ ᠴᠡᠪᠡᠷᠯᠡᠨ ᠳᠠᠷᠦ᠋ᠢᠬᠠᠨ ᠲᠡᠭᠡᠭᠡᠪᠦᠷᠢᠯᠡᠬᠦ︾ ᠶᠢ ᠪᠡᠶᠡᠯᠡᠭᠦᠯᠵᠦ᠂ ᠠᠮᠢᠳᠤᠷᠠᠯ ᠤᠨ | ᠬᠤᠭ ᠨᠣᠪᠰᠢ ᠶᠢ 50 ᠭᠠᠷᠤᠶ ᠲᠡᠷᠭᠡ ᠴᠡᠪᠡᠷᠯᠡᠪᠡ︔ ᠬᠠᠮᠲᠤᠷᠠᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ᠂ ᠠᠳᠠᠯ | ᠠᠬᠤᠶ ᠶᠢᠨ ᠺᠣᠮᠫᠠᠨᠢ ᠯᠤᠭ᠎ᠠ ᠬᠠᠮᠲᠤᠷᠠᠨ ᠭᠠᠯ ᠤᠨᠲᠠᠷᠠᠭᠠᠬᠤ ᠵᠠᠮ ᠤᠨ ᠲᠦᠭᠵᠢᠷᠡᠯ ᠤᠨ ᠠᠰᠠᠭᠤᠳᠠᠯ ᠢ ︽ᠥᠴᠦᠬᠡᠨ | ᠴᠦ ᠢᠯᠳᠠᠷ ᠬᠠᠶᠠᠬᠤ ᠥᠬᠡᠶ︾᠂ 295 ᠭᠠᠵᠠᠷ ᠢ ᠴᠡᠪᠡᠷᠯᠡᠵᠦ᠂ ᠨᠣᠴᠣᠮᠠᠲᠠᠭᠠᠶ ᠴᠠᠭᠠᠰᠤᠨ ᠬᠠᠶᠢᠷᠴᠠᠭ᠂ | ᠰᠦᠯᠢᠶᠣᠣ ᠶᠢᠨ ᠪᠦᠲᠦᠭᠡᠭᠳᠡᠬᠦᠨ ᠵᠡᠷᠭᠡ ᠳᠠᠯᠳᠠ ᠬᠡᠮ ᠪᠣᠳᠠᠰ ᠢ 40 ᠴᠡᠪᠡᠷᠯᠡᠵᠦ᠂ ᠠᠰᠠᠷ ᠤᠨ ᠬᠤᠩᠭᠢᠯ ᠤᠨ | ᠳᠣᠲᠣᠷᠠᠬᠢ ᠰᠦᠯᠵᠢᠶᠡᠨ ᠤ ᠱᠤᠭᠤᠮ ᠢ 12 ᠴᠡᠪᠡᠷᠯᠡᠪᠡ︔ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ | ᠬᠠᠮᠲᠤᠷᠠᠨ 1 ᠦᠬᠦᠰᠢᠷᠡᠮᠡᠯ ᠲᠡᠷᠭᠡ᠂ 1 ᠲᠡᠮᠦᠷ ᠵᠠᠮ ᠤᠨ ᠭᠡᠷ ᠢ ᠴᠡᠪᠡᠷᠯᠡᠵᠦ᠂ ᠠᠰᠠᠷ ᠤᠨ ᠵᠠᠮ ᠤᠨ ᠳᠣᠲᠣᠷ᠎ᠠ | ᠲᠣᠭᠲᠠᠭᠠᠯ ᠠᠴᠠ ᠵᠥᠷᠢᠴᠡᠨ ᠵᠣᠭᠰᠣᠭᠠᠭᠰᠠᠨ 25 ᠴᠠᠬᠢᠯᠭᠠᠨ ᠬᠥᠳᠡᠯᠭᠡᠭᠦᠷᠲᠦ ᠲᠡᠷᠭᠡ ᠶᠢ ᠴᠡᠪᠡᠷᠯᠡᠪᠡ᠃ | ᠤᠷᠲᠤ ᠬᠤᠭᠤᠴᠠᠭ᠎ᠠ ᠪᠠᠷ ᠪᠦᠲᠦᠮᠵᠢᠲᠡᠢ ᠬᠠᠮᠠᠭᠠᠯᠠᠵᠤ ᠨᠠᠷᠢᠯᠢᠭ ᠰᠠᠢᠬᠠᠨ ᠵᠢᠵᠢᠭ ᠬᠤᠲᠠ ᠶᠢᠨ ᠰᠠᠭᠤᠷᠢ | ᠥᠩᠭᠡ ᠶᠢ ᠢᠯᠡᠷᠡᠭᠦᠯᠪᠡ᠃ ᠡᠭᠦᠨ ᠤ ᠬᠠᠮᠲᠤ ᠰᠠᠭᠤᠭᠠᠯᠢ ᠠᠷᠠᠳ ᠲᠤ ᠡᠯᠳᠡᠪ ᠪᠣᠳᠠᠰ ᠢ ᠳᠤᠷ᠎ᠠ ᠪᠠᠷ ᠢᠶᠠᠨ | ᠣᠪᠣᠭᠠᠯᠠᠵᠤ ᠲᠠᠯᠪᠢᠬᠤ ᠠᠶᠤᠯ ᠲᠦᠭᠰᠢᠭᠦᠷᠢᠲᠦ ᠴᠢᠨᠠᠷ ᠵᠢᠴᠢ ᠴᠡᠪᠡᠷ ᠴᠡᠮᠴᠡᠭᠡᠷ ᠴᠢᠬᠤᠯᠠ ᠴᠢᠨᠠᠷ ᠢ ᠪᠠᠲᠤᠯᠠᠵᠤ᠂ | ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠡᠷᠡᠭᠦᠯ ᠰᠠᠷᠠᠭᠤᠯ᠂ ᠪᠣᠯᠪᠠᠰᠤᠨ | ᠠᠮᠢᠳᠤᠷᠠᠯ ᠤᠨ ᠳᠠᠳᠬᠠᠯ ᠲᠠᠢ ᠪᠣᠯᠭᠠᠵᠤ᠂ ᠳᠤᠷ᠎ᠠ ᠲᠠᠪᠠ ᠪᠠᠷ ᠢᠶᠠᠨ ᠬᠠᠶᠠᠬᠤ᠂ ᠳᠤᠷ᠎ᠠ ᠪᠠᠷ ᠢᠶᠠᠨ ᠬᠠᠶᠠᠬᠤ᠂ | ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠲᠠᠯᠪᠢᠬᠤ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ | ᠡᠭᠦᠰᠬᠦ ᠶᠢ ᠬᠤᠷᠢᠭᠯᠠᠵᠤ᠂ ᠴᠡᠪᠡᠷ ᠴᠡᠮᠴᠡᠭᠡᠷ᠂ ᠠᠮᠤᠷ ᠲᠦᠪᠰᠢᠨ ᠡᠮᠬᠢ ᠵᠢᠷᠤᠮ ᠲᠠᠢ ᠣᠷᠣᠨ ᠰᠠᠭᠤᠴᠠ ᠶᠢᠨ | ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠬᠤᠲᠠ ᠶᠢᠨ ᠲᠣᠭᠤᠷᠢᠭ ᠤᠨ ᠳᠦᠷᠰᠦ | ᠪᠠᠶᠢᠳᠠᠯ ᠤᠨ ᠰᠢᠨ᠎ᠡ ᠳᠦᠷᠰᠦ ᠪᠠᠶᠢᠳᠠᠯ ᠳᠤ ᠬᠦᠴᠦᠨ ᠨᠡᠮᠡᠷᠢᠯᠡᠪᠡ᠃ | |