︽ᠡᠮᠦᠨ᠎ᠡ ᠨᠢᠭᠡ ᠬᠡᠰᠡᠭ ᠬᠤᠭᠤᠴᠠᠭᠠᠨ ᠳᠤ ᠲᠠᠨ ᠤ ᠳᠠᠮᠵᠢᠭᠤᠯᠤᠭᠰᠠᠨ ︿ᠥᠨᠳᠥᠷ ᠪᠦᠲᠦᠮᠵᠢᠲᠡᠶ ᠪᠠᠷ ᠨᠢᠭᠡ | ᠶᠠᠪᠤᠳᠠᠯ ᠢ ᠭᠦᠢᠴᠡᠳᠬᠡᠬᠦ﹀ ᠣᠬᠤᠷ ᠸᠢᠳᠢᠤ᠋ ᠶᠢ ᠣᠯᠵᠤ ᠦᠵᠡᠵᠡᠢ᠂ ᠥᠨᠥᠳᠥᠷ ︿ᠺᠤᠮᠫᠠᠨᠢ ᠶᠢᠨ ᠬᠤᠪᠢᠷᠠᠭᠤᠯᠤᠯᠲᠠ﹀ | ᠶᠢᠨ ᠦᠢᠯᠡᠴᠢᠯᠡᠭᠡ ᠶᠢ ᠣᠶᠢᠯᠠᠭᠠᠬᠤ ᠪᠠᠷ ᠢᠷᠡᠵᠡᠢ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ᠂ ᠠᠵᠤ | ᠠᠬᠤᠶᠢᠯᠠᠯ ᠤᠨ ᠲᠠᠮᠠᠭ᠎ᠠ ᠰᠡᠶᠢᠯᠬᠦ ᠵᠡᠷᠭᠡ ᠶᠢ ᠨᠢᠭᠡ ᠯᠡ ᠤᠳᠠᠭ᠎ᠠ ᠳᠤ ᠭᠦᠢᠴᠡᠳᠬᠡᠵᠦ ᠳᠠᠭᠤᠰᠬᠠᠵᠠᠢ᠂ ᠦᠨᠡᠬᠡᠷ | ᠲᠦᠭᠦᠮ ᠪᠠᠶᠢᠨ᠎ᠠ︾ ᠭᠡᠵᠦ ᠬᠤᠤᠯᠢᠩᠭᠤᠣᠯ ᠬᠤᠲᠠ ᠶᠢᠨ ᠨᠢᠭᠡᠨ ᠰᠠᠭᠤᠭᠠᠯᠢ ᠠᠷᠠᠳ ᠵᠠᠩ ᠠᠪᠤᠭᠠᠢ ︽ᠨᠢᠭᠡ | ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠳᠥᠭᠦᠮ ᠳᠥᠲᠡᠦᠢᠯᠡᠴᠢᠯᠡᠭᠡ ᠳᠤ ᠪᠢ ᠮᠠᠰᠢ | ᠬᠠᠨᠤᠮᠵᠢᠲᠠᠶ ᠪᠠᠶᠢᠨ᠎ᠠ ᠭᠡᠵᠠᠢ᠃ | ᠬᠤᠤᠯᠢᠩᠭᠤᠣᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠬᠤᠷ ᠸᠢᠳᠢᠤ᠋ ᠶᠢᠨ ᠨᠣᠮᠧᠷ ᠢ ᠨᠡᠭᠡᠭᠡᠪᠡᠯ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠵᠢᠨᠬᠠᠮᠢᠶ᠎ᠠ ᠪᠦᠬᠦᠢ ᠠᠭᠤᠯᠭ᠎ᠠ ᠨᠢᠳᠦᠨ ᠳᠤ ᠲᠣᠳᠣᠷᠠᠵᠤ᠂ ᠠᠵᠤ | ᠠᠬᠤᠶᠢᠯᠠᠯ ᠪᠣᠯᠣᠨ ᠣᠯᠠᠨ ᠲᠦᠮᠡᠨ ᠢ ᠳᠠᠭᠠᠭᠤᠯᠤᠨ ᠥᠨᠳᠥᠷ ᠪᠦᠲᠦᠮᠵᠢᠲᠡᠶ ᠳᠥᠭᠦᠮ ᠳᠥᠲᠡ ᠪᠠᠷ ᠨᠢᠭᠡ | ᠶᠠᠪᠤᠳᠠᠯ ᠢ ᠭᠦᠢᠴᠡᠳᠬᠡᠭᠰᠡᠨ ᠵᠢᠷᠤᠭ ᠰᠡᠭᠦᠳᠡᠷ ᠬᠠᠷᠠᠭᠳᠠᠵᠤ᠂ ᠥᠷᠭᠡᠨ ᠣᠯᠠᠨ ᠲᠦᠮᠡᠨ ᠪᠠ ᠠᠵᠤ ᠠᠬᠤᠶᠢᠯᠠᠯ ᠤᠨ | ᠬᠠᠨᠤᠮᠵᠢ ᠶᠢᠨ ᠪᠠᠶᠢᠳᠠᠯ ᠢ ᠣᠶᠢᠯᠠᠭᠠᠵᠤ ᠮᠡᠳᠡᠳᠡᠭ᠃ | ᠠᠵᠤ ᠠᠬᠤᠶᠢᠯᠠᠯ ᠪᠣᠯᠣᠨ ᠣᠯᠠᠨ ᠲᠦᠮᠡᠨ ᠳᠤ ᠣᠳᠣᠬᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠨᠡᠩ ᠳᠥᠭᠦᠮ ᠳᠥᠲᠡ ᠪᠠᠷ ᠭᠦᠢᠴᠡᠳ ᠣᠶᠢᠯᠠᠭᠠᠭᠤᠯᠬᠤ ᠶᠢᠨ ᠲᠥᠯᠥᠭᠡ᠂ ᠬᠤᠤᠯᠢᠩᠭᠤᠣᠯ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠡᠶᠢᠲ᠋ᠠ ᠶᠢᠨ ᠬᠠᠮᠢᠶᠠᠷᠤᠯᠲᠠ ᠶᠢᠨ | ᠲᠣᠪᠴᠢᠶ᠎ᠠ ︽ᠬᠤᠤᠯᠢᠩᠭᠤᠣᠯ ᠬᠤᠲᠠ ᠵᠠᠰᠠᠭ ᠤᠨ ᠶᠠᠪᠤᠳᠠᠯ ︾ ᠭᠡᠬᠦ ᠣᠬᠤᠷ ᠸᠢᠳᠢᠤ᠋ ᠶᠢ ᠦᠢᠯᠡᠳᠦᠨ | ᠳᠡᠯᠭᠡᠷᠡᠭᠦᠯᠵᠦ᠂ ᠠᠵᠤ ᠠᠬᠤᠶᠢᠯᠠᠯ ᠪᠣᠯᠣᠨ ᠤᠯᠠᠨ ᠲᠦᠮᠡᠨ ᠳᠤ ᠬᠠᠷᠠᠭᠠᠯᠵᠠᠯ ᠦᠵᠡᠭᠦᠯᠭᠦ ᠲᠥᠷᠥ ᠶᠢᠨ ᠪᠣᠳᠣᠯᠭ᠎ᠠ | ᠪᠠ ᠦᠢᠯᠡᠴᠢᠯᠡᠭᠡ ᠶᠢ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠭᠡᠯᠪᠡᠷᠢ ᠪᠠᠷ ᠤᠬᠠᠭᠤᠯᠤᠨ | ᠲᠠᠨᠢᠯᠴᠠᠭᠤᠯᠵᠤ᠂ ᠵᠠᠰᠠᠭ ᠤᠨ ᠶᠠᠪᠤᠳᠠᠯ ᠪᠣᠯᠣᠨ ᠤᠯᠠᠨ ᠲᠦᠮᠡᠨ ᠤ ᠬᠠᠷᠢᠯᠴᠠᠨ ᠦᠢᠯᠡᠳᠦᠯᠴᠡᠬᠦ ᠪᠦᠲᠦᠮᠵᠢᠲᠡᠢ ᠠᠷᠭ᠎ᠠ | ᠵᠠᠮ ᠢ ᠨᠡᠭᠡᠭᠡᠪᠡ᠃ ︽ᠪᠢᠳᠡ ᠣᠯᠠᠨ ᠲᠦᠮᠡᠨ ᠲᠠᠢ ︿ᠰᠦᠯᠵᠢᠶᠡᠨ ᠳᠡᠭᠡᠷ᠎ᠡ ᠬᠠᠷᠢᠯᠴᠠᠨ ᠬᠥᠳᠡᠯᠦᠯᠴᠡᠬᠦ﹀ ᠶᠢ | ᠴᠢᠬᠤᠯᠠᠴᠢᠯᠠᠵᠤ᠂ ᠣᠯᠠᠨ ᠲᠦᠮᠡᠨ ᠤ ᠦᠭᠡ ᠦᠯᠡᠳᠡᠭᠡᠬᠦ ᠭᠡᠯᠪᠡᠷᠢ ᠶᠢᠨ ᠴᠢᠳᠠᠮᠵᠢ ᠶᠢ ᠨᠡᠭᠡᠭᠡᠬᠦ ᠪᠠᠷ ᠳᠠᠮᠵᠢᠨ᠂ | ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠢᠳᠡᠪᠬᠢᠲᠡᠢ ᠪᠠᠷ ᠬᠠᠷᠢᠭᠤᠯᠵᠤ᠂ ᠣᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠳᠤ ᠲᠣᠬᠢᠷᠠᠭᠤᠯᠤᠨ ᠦᠢᠯᠡᠴᠢᠯᠡᠭᠡᠨ ᠤ ᠠᠭᠤᠯᠭ᠎ᠠ ᠪᠠᠨ ᠲᠣᠬᠢᠷᠠᠭᠤᠯᠵᠤ ᠪᠠᠶᠢᠨ᠎ᠠ︾ ᠭᠡᠵᠦ | ᠬᠤᠤᠯᠢᠩᠭᠤᠣᠯ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠡᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠤᠬᠠᠭᠤᠯᠭ᠎ᠠ ᠬᠥᠮᠦᠵᠢᠯ ᠤᠨ ᠲᠠᠰᠤᠭ ᠤᠨᠬᠠᠷᠢᠭᠤᠴᠠᠯᠭᠠᠲᠠᠨ | ᠭᠦᠸᠧ ᠰᠢ ᠴᠤᠤ ᠶᠠᠷᠢᠵᠤ ᠪᠠᠶᠢᠯ᠎ᠠ᠃ | ᠬᠤᠤᠯᠢᠩᠭᠤᠣᠯ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ | ᠪᠠ ᠳ᠋ᠡᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠂ ᠡᠮ ᠡᠮᠨᠡᠯᠭᠡ | ᠶᠢᠨ ᠪᠠᠲᠤᠯᠠᠭ᠎ᠠ᠂ ᠥᠯᠥ ᠬᠥᠳᠡᠯᠬᠦ ᠬᠥᠷᠥᠩᠭᠡ ᠵᠡᠷᠭᠡ ᠣᠯᠠᠨ ᠬᠦᠷᠢᠶᠡᠨ ᠳᠠᠬᠢ ᠥᠨᠳᠥᠷ ᠳᠠᠪᠲᠠᠮᠵᠢᠲᠤ ᠵᠦᠢᠯᠡᠰ ᠢ | ᠰᠢᠯᠢᠳᠡᠭᠵᠢᠭᠦᠯᠬᠦ ᠶᠢᠨ ᠲᠣᠭᠤᠷᠢᠨ ᠳᠤ᠂ ᠭᠦᠢᠴᠡᠳᠬᠡᠬᠦ ᠶᠠᠪᠤᠴᠠ᠂ ᠬᠡᠷᠡᠭᠰᠡᠬᠦ ᠮᠠᠲ᠋ᠧᠷᠢᠶᠠᠯ᠂ ᠭᠦᠢᠴᠡᠳᠬᠡᠬᠦ ᠭᠡᠯᠪᠡᠷᠢ᠂ | ᠭᠦᠢᠴᠡᠳᠬᠡᠬᠦ ᠴᠠᠭ ᠤᠨ ᠬᠢᠵᠠᠭᠠᠷ ᠵᠢᠴᠢ ᠭᠦᠢᠴᠡᠳᠬᠡᠬᠦ ᠠᠷᠭ᠎ᠠ ᠵᠠᠮ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ | ᠣᠬᠤᠷ ᠸᠢᠳᠢᠤ᠋ ᠶᠢᠨ ᠭᠡᠯᠪᠡᠷᠢ ᠪᠠᠷ ᠣᠯᠠᠨ ᠨᠡᠶᠢᠲᠡ ᠶᠢᠨ ᠡᠮᠦᠨ᠎ᠡ ᠲᠣᠳᠣᠷᠬᠠᠢ ᠢᠯᠡᠷᠡᠭᠦᠯᠪᠡ᠃ ᠡᠭᠦᠨ ᠠᠴᠠ ᠭᠠᠳᠠᠨ᠎ᠠ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠠᠭᠤᠯᠭ᠎ᠠ ᠶᠢ ᠲᠠᠨᠢᠯᠴᠠᠭᠤᠯᠬᠤ ᠠᠴᠠ ᠭᠠᠳᠠᠨ᠎ᠠ ᠪᠠᠰᠠ | ︽VLOG ᠲᠡᠮᠳᠡᠭᠯᠡᠯ︾᠂ ︽ᠪᠣᠳᠠᠲᠠᠢ ᠭᠠᠵᠠᠷ ᠢᠶᠠᠷ ᠰᠤᠷᠪᠤᠯᠵᠢᠯᠠᠬᠤ︾ ᠵᠡᠷᠭᠡ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠦᠨᠡᠨ ᠪᠣᠳᠠᠲᠠᠢ ᠪᠠᠶᠢᠳᠠᠯ ᠢ ᠳᠡᠯᠭᠡᠨ ᠦᠵᠡᠭᠦᠯᠵᠦ᠂ ᠠᠵᠤ ᠠᠬᠤᠶᠢᠯᠠᠯ ᠪᠣᠯᠣᠨ ᠣᠯᠠᠨ ᠲᠦᠮᠡᠨ ᠤ | ᠬᠠᠷᠠᠭᠠᠰᠤ ᠠᠴᠠ ᠡᠭᠦᠰᠴᠦ ᠲᠤᠬᠠᠶᠢᠯᠠᠭᠰᠠᠨ ᠠᠵᠢᠯᠲᠠᠨ ᠠᠴᠠ ᠨᠢᠭᠡ ᠠᠰᠠᠭᠤᠯᠲᠠ ᠨᠢᠭᠡ ᠬᠠᠷᠢᠭᠤᠯᠲᠠ᠂ ᠰᠣᠨᠢᠨ | ᠮᠡᠳᠡᠭᠡᠨ ᠤ ᠨᠡᠪᠲᠡᠷᠡᠭᠦᠯᠭᠡ ᠵᠡᠷᠭᠡ ᠭᠡᠯᠪᠡᠷᠢ ᠪᠠᠷ ᠳᠠᠮᠵᠢᠨ᠂ ᠨᠠᠷᠢᠨ ᠪᠤᠳᠤᠯᠢᠶᠠᠨᠲᠠᠢ ᠤᠴᠢᠷ ᠶᠠᠪᠤᠳᠠᠯ ᠢ ᠭᠤᠣᠯᠳᠠᠯᠭ᠎ᠠ | ᠲᠠᠢ ᠲᠠᠨᠢᠯᠴᠠᠭᠤᠯᠪᠠ᠃ | ︽ᠪᠢᠳᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠦᠭᠦ ᠠᠵᠢᠯᠲᠠᠨ ᠤ ᠣᠷᠣᠯᠴᠠᠬᠰᠠᠨ ︿ᠬᠤᠤᠯᠢᠩᠭᠤᠣᠯ | ᠬᠤᠲᠠ ᠶᠢᠨ ᠵᠠᠰᠠᠭ ᠤᠨ ᠶᠠᠪᠤᠳᠠᠯ ﹀ ᠭᠡᠬᠦ ᠣᠬᠤᠷ ᠸᠢᠳᠢᠤ᠋ ᠶᠢ ᠦᠢᠯᠡᠳᠴᠦ᠂ ᠵᠠᠰᠠᠭ ᠤᠨ ᠶᠠᠪᠤᠳᠠᠯ ᠤᠨ | ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠪᠣᠳᠠᠲᠠᠢ ᠭᠠᠵᠠᠷ ᠢᠶᠠᠷ | ᠰᠤᠷᠪᠤᠯᠵᠢᠯᠠᠬᠤ᠂ VLOG ᠲᠡᠮᠳᠡᠭᠯᠡᠯ ᠵᠡᠷᠭᠡ ᠭᠡᠯᠪᠡᠷᠢ ᠪᠠᠷ ᠭᠤᠣᠯᠳᠠᠯᠭ᠎ᠠ ᠪᠤᠯᠭᠠᠵᠤ᠂ ᠲᠣᠭᠲᠠᠮᠠᠯ ᠬᠤᠭᠤᠴᠠᠭ᠎ᠠ ᠲᠠᠢ | ᠪᠠᠷ ᠦᠯᠢᠭᠡᠷ ᠦᠢᠯᠡ ᠶᠠᠪᠤᠳᠠᠯ ᠢ ᠦᠢᠯᠡᠳᠦᠨ ᠪᠦᠲᠦᠭᠡᠵᠦ᠂ ᠵᠠᠰᠠᠭ ᠤᠨ ᠶᠠᠪᠤᠳᠠᠯ ᠤᠨ ᠥᠭᠡᠷᠡᠴᠢᠯᠡᠯᠲᠡ᠂ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ ᠭᠢᠯᠠᠰ ᠴᠡᠭ ᠵᠡᠷᠭᠡ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ | ᠢᠳᠡᠪᠬᠢᠲᠡᠢ ᠤᠬᠠᠭᠤᠯᠵᠤ᠂ ᠠᠵᠤ ᠠᠬᠤᠶᠢᠯᠠᠯ ᠪᠣᠯᠣᠨ ᠤᠯᠠᠨ ᠲᠦᠮᠡᠨ ᠳᠤ ᠨᠡᠩ ᠲᠦᠭᠦᠮ ᠳᠥᠲᠡ ᠦᠢᠯᠡᠴᠢᠯᠡᠭᠡ | ᠬᠠᠩᠭᠠᠵᠤ ᠪᠠᠶᠢᠨ᠎ᠠ︾ ᠭᠡᠵᠦ ᠬᠤᠤᠯᠢᠩᠭᠤᠣᠯ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠳ᠋ᠡᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠲᠠᠨᠢᠯᠴᠠᠭᠤᠯᠵᠤ ᠪᠠᠶᠢᠯ᠎ᠠ᠃ | ᠣᠳᠣᠬᠠᠨ ᠪᠤᠯᠲᠠᠯ᠎ᠠ᠂ ᠬᠤᠤᠯᠢᠩᠭᠤᠣᠯ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠬᠤᠷ ᠸᠢᠳᠢᠤ᠋ | ᠶᠢᠨ ᠨᠣᠮᠧᠷ ᠲᠤ ᠨᠢᠭᠡᠨᠲᠡ 15ᠬᠤᠭᠤᠴᠠᠭᠠᠨ ᠤ ᠣᠬᠤᠷ ᠸᠢᠳᠢᠤ᠋ ᠶᠢ ᠨᠡᠶᠢᠲᠡᠯᠡᠵᠦ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ᠂ | ᠰᠣᠶᠣᠯ ᠵᠢᠭᠤᠯᠴᠢᠯᠠᠯ ᠵᠡᠷᠭᠡ ᠣᠯᠠᠨ ᠬᠦᠷᠢᠶ᠎ᠡ ᠶᠢ ᠬᠠᠮᠤᠷᠴᠤ᠂ ᠦᠵᠡᠵᠦ ᠠᠩᠬᠠᠷᠤᠭᠰᠠᠨ ᠬᠡᠮᠵᠢᠶ᠎ᠡ 5.2 ᠲᠦᠮᠡ | ᠭᠠᠷᠤᠢ ᠤᠳᠠᠭ᠎ᠠ ᠳᠤ ᠬᠦᠷᠴᠡᠢ᠃ | |