ᠬᠤᠤᠯᠢᠩᠭᠤᠤᠯ ᠬᠤᠲᠠ ᠶᠢᠨ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠲᠦᠷᠭᠡᠨ ᠲᠤᠭᠳᠠᠪᠤᠷᠢᠳᠠᠢ ᠪᠡᠯᠡ ᠣᠷᠣᠭᠤᠯᠤᠯᠲᠠ ᠵᠠᠭᠤᠨ ᠲᠦᠮᠡ ᠶᠢ ᠳᠠᠪᠠᠵᠠᠢ
ᠨᠡᠶᠢᠲᠡᠯᠡᠭᠰᠡᠨ ᠴᠠᠭ᠄
2025/4/27
   ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠡᠮᠬᠢ ᠵᠢᠷᠤᠮ ᠲᠠᠢ ᠠᠬᠢᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠦᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠬᠥᠭᠵᠢᠨ ᠪᠤᠵᠠᠭᠠᠶᠢᠷᠠᠵᠤ᠂ ᠠᠵᠤ ᠦᠢᠯᠡᠳᠪᠦᠷᠢ ᠶᠢᠨ ᠠᠵᠤ ᠦᠢᠯᠡᠰ ᠤᠨ ᠲᠥᠪᠯᠡᠷᠡᠨ ᠬᠥᠭᠵᠢᠬᠦ ᠪᠠᠶᠢᠳᠠᠯ ᠮᠠᠰᠢ ᠰᠠᠶᠢᠨ ᠪᠠᠶᠢᠨ᠎ᠠ ᠁ ᠡᠨᠡ ᠵᠢᠯ ᠠᠴᠠ ᠨᠠᠭᠠᠰᠢ᠂ ᠬᠤᠤᠯᠢᠩᠭᠤᠤᠯ ᠬᠤᠲᠠ ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠶᠢᠨ ᠲᠣᠭᠤᠷᠢᠨ ᠳᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠠᠵᠢᠯ ᠡᠬᠢᠯᠡᠭᠦᠯᠬᠦ ᠶᠢ ᠠᠬᠢᠭᠤᠯᠬᠤ ᠰᠢᠷᠢᠰ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ ᠂ ︽ᠡᠬᠢᠯᠡᠯᠲᠡ ᠶᠢᠨ ᠠᠵᠢᠯ ᠪᠣᠯ ᠰᠢᠢᠳᠪᠦᠷᠢᠲᠦ ᠳᠠᠶᠢᠯᠠᠯᠳᠤᠭᠠᠨ  ᠂ ᠡᠬᠢᠯᠡᠯᠲᠡ ᠶᠢᠨ ᠠᠵᠢᠯ ᠡᠬᠢᠯᠡᠬᠦ ᠶᠢ ᠲᠦᠷᠭᠡᠳᠬᠡᠬᠦ︾ ᠡᠷᠡᠯᠬᠡᠭᠯᠡᠨ ᠤᠷᠤᠭᠰᠢᠯᠠᠬᠤ ᠣᠪᠣᠷ ᠢᠶᠠᠷ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ︽ᠬᠡᠮᠵᠢᠶ᠎ᠡ ᠶᠢ ᠥᠷᠭᠡᠳᠬᠡᠬᠦ︾ ︽ᠶᠠᠰᠤ ᠴᠢᠨᠠᠷ ᠢ ᠳᠡᠭᠡᠭᠰᠢᠯᠡᠭᠦᠯᠬᠦ︾ ᠶᠢ ᠵᠡᠷᠭᠡ ᠪᠠᠷ ᠴᠢᠬᠤᠯᠠᠴᠢᠯᠠᠵᠤ᠂ ᠪᠥᠬᠦ ᠬᠤᠲᠠ ᠶᠢᠨ ᠨᠢᠭᠡᠳᠦᠭᠡᠷ ᠤᠯᠠᠷᠢᠯ ᠤᠨ ᠠᠵᠤ ᠠᠬᠤᠶ ᠶᠢᠨ ︽ᠰᠠᠶᠢᠨ ᠡᠬᠢᠯᠡᠯᠲᠡ︾ ᠶᠢ ᠠᠬᠢᠭᠤᠯᠪᠠ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠨᠢᠭᠡᠳᠦᠭᠡᠷ ᠤᠯᠠᠷᠢᠯ ᠳᠤ ᠬᠤᠤᠯᠢᠩᠭᠤᠤᠯ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 108.9% ᠪᠠᠷ ᠨᠡᠮᠡᠭᠳᠡᠵᠦ᠂ ᠨᠢᠳᠤᠨᠤᠨ ᠤ ᠬᠢ ᠠᠴᠠ 64.1 ᠵᠠᠭᠤᠨ ᠤ ᠴᠡᠭ ᠳᠡᠭᠡᠭᠰᠢᠯᠡᠪᠡ᠂ ᠡᠭᠦᠨ ᠳᠤ᠂ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 172% ᠲᠤ ᠬᠦᠷᠴᠦ᠂ ᠬᠤᠶᠠᠷ ᠵᠦᠢᠯ ᠤᠨ ︽ᠵᠠᠭᠤ ᠶᠢ ᠳᠠᠪᠠᠭ᠋ᠤ︾ ᠭᠦᠢᠴᠡᠳᠬᠡᠯ ᠲᠤᠭ᠎ᠠ ᠶᠢᠨ ᠠᠷᠤ ᠳᠤ ᠭᠠᠵᠠᠷ ᠣᠷᠣᠨ ᠤ ᠣᠷᠣᠨ ᠪᠦᠰᠡ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠴᠠ ᠪᠣᠯᠤᠭᠰᠠᠨ ᠠᠯᠤᠰ ᠬᠡᠲᠦ ᠶᠢᠨ ᠨᠥᠯᠥᠭᠡ ᠶᠢ ᠳᠠᠯᠳᠠ ᠪᠠᠷ ᠬᠠᠳᠠᠭᠠᠯᠠᠵᠤ ᠪᠠᠶᠢᠨ᠎ᠠ᠃ 4 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠯᠢᠶᠠᠨ ᠱᠧᠩ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 80 ᠲᠦᠮᠡᠨ ᠲᠣᠨ ᠳ᠋ᠢᠶᠠᠨ ᡂᠢ ᠶᠢᠨ ᠴᠠᠭᠠᠰᠤ ᠵᠢᠴᠢ ᠢᠵᠢ ᠪᠦᠷᠢᠳᠦᠭᠰᠡᠨ ᠡᠭᠦᠰᠬᠡᠷ ᠮᠠᠲ᠋ᠧᠷᠢᠶᠠᠯ ᠤᠨ ᠲᠦᠷᠦᠯ ᠵᠦᠢᠯ ᠤᠨ ᠦᠢᠯᠡᠳᠪᠦᠷᠢᠯᠡᠯ ᠤᠨ ᠲᠠᠰᠤᠭ ᠲᠤ᠂ ᠲᠤᠬᠠᠢ ᠶᠢᠨ ᠲᠠᠯᠠᠪᠠᠢ ᠳᠤ ᠮᠠᠰᠢᠨ ᠮᠧᠬᠠᠨᠢᠭ ᠢᠶᠠᠷ ᠠᠵᠢᠯᠯᠠᠭᠤᠯᠬᠤ ᠳᠠᠭᠤᠨ ᠠᠳᠡ ᠲᠡᠨᠳᠡ ᠦᠭᠡᠢ ᠭᠠᠷᠴᠤ᠂ ᠦᠢᠯᠡᠳᠪᠦᠷᠢᠯᠡᠯ ᠤᠨ ᠱᠤᠭᠤᠮ ᠨᠢ ᠪᠦᠬᠦ ᠬᠦᠴᠦᠨ ᠢᠶᠠᠷ ᠢᠶᠠᠨ ᠡᠷᠭᠢᠯᠳᠦᠵᠦ᠂ ᠮᠥᠩᠭᠦᠨ ᠴᠠᠭᠠᠨ ᠥᠩᠭᠡᠲᠡᠢ ᠬᠦᠩᠭᠡᠨᠴᠠᠭᠠᠨ ᠴᠠᠭᠠᠰᠤ ᠬᠦᠷᠬᠢᠷ᠎ᠡ ᠮᠡᠲᠦ ᠲᠦᠷᠭᠡᠨ ᠪᠠᠭᠤᠪᠠ᠃ ︽ᠣᠳᠣᠬᠠᠨ ᠳᠤ ᠪᠢᠳᠡ ᠨᠢᠭᠡᠨᠲᠡ 29 ᠵᠤᠷᠪᠤᠰ ᠬᠡᠪᠰᠢᠭᠦᠯᠬᠦ ᠤᠲᠠᠰᠤ᠂ 16 ᠵᠤᠷᠪᠤᠰ ᠴᠠᠭᠠᠰᠤᠨ ᠬᠡᠪᠰᠢᠭᠦᠯᠬᠦ ᠤᠲᠠᠰᠤ᠂ 2 ᠵᠤᠷᠪᠤᠰ ᠬᠦᠢᠲᠡᠨ ᠬᠡᠪᠰᠢᠭᠦᠯᠬᠦ ᠤᠲᠠᠰᠤ᠂ 4 ᠵᠤᠷᠪᠤᠰ ᠳᠠᠪᠬᠤᠷᠯᠠᠬᠤ ᠱᠤᠭᠤᠮ᠂ 25 ᠵᠤᠷᠪᠤᠰ ᠳ᠋ᠢᠶᠠᠨ ᡂᠢ ᠶᠢᠨ ᠢᠯᠲᠠᠰᠤ ᠶᠢᠨ ᠦᠢᠯᠡᠳᠪᠦᠷᠢᠯᠡᠯ ᠤᠨ ᠱᠤᠭᠤᠮ ᠢ ᠠᠰᠢᠭᠯᠠᠯᠲᠠ ᠳᠤ ᠣᠷᠣᠭᠤᠯᠪᠠ᠃ ᠶᠠᠭ ᠰᠠᠶᠢᠬᠠᠨ ᠤᠭᠰᠠᠷᠠᠵᠤ ᠪᠠᠶᠢᠭ᠎ᠠ 1 ᠰᠢᠷᠬᠡᠭ᠂ 2 ᠴᠢᠳᠬᠤᠮᠠᠯ ᠤᠲᠠᠰᠤ ᠨᠢ ᠡᠨᠡ ᠵᠢᠯ ᠤᠨ 6 ᠰᠠᠷ᠎ᠠ ᠳᠤ ᠠᠰᠢᠭᠯᠠᠯᠲᠠ ᠳᠤ ᠣᠷᠣᠵᠤ ᠴᠢᠳᠠᠨ᠎ᠠ  ︾ ᠭᠡᠵᠦ ᠥᠪᠥᠷ ᠮᠣᠩᠭᠤᠯ ᠤᠨ ᠯᠢᠶᠠᠨ ᠱᠧᠩ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠤᠨ ᠲᠤᠰᠠᠯᠠᠭᠴᠢ ᠰᠢᠤᠸᠠᠢ ᠪᠥᠸᠧ ᠢᠦᠢ ᠰᠤᠷᠪᠤᠯᠵᠢᠯᠠᠭᠴᠢ ᠳᠤ ᠲᠠᠨᠢᠯᠴᠠᠭᠤᠯᠪᠠ᠃

   ᠣᠶᠢᠯᠠᠭᠠᠭᠰᠠᠨ ᠢᠶᠠᠷ᠂ ᠵᠢᠯ ᠤᠨ ᠡᠬᠢᠨ ᠳᠤ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ

ᠨᠠᠰᠢ᠂ ᠬᠤᠤᠯᠢᠩᠭᠤᠤᠯ ᠬᠤᠲᠠ ᠶᠢᠨ ᠵᠠᠰᠠᠭ ᠤᠨ ᠣᠷᠳᠣᠨ ᠪᠡᠯᠡ ᠣᠷᠣᠭᠤᠯᠤᠯᠲᠠ ᠶᠢ ᠪᠠᠲᠤᠳᠬᠠᠵᠤ ᠠᠵᠢᠯ ᠤᠨ

ᠴᠢᠭᠯᠡᠯ ᠢ ᠲᠣᠭᠲᠠᠭᠠᠪᠠ᠄ ᠨᠢᠭᠡ ᠲᠠᠯ᠎ᠠ ᠪᠠᠷ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ

ᠵᠠᠩᠭᠢᠵᠢᠯᠲᠠ᠂ ᠡᠨᠧᠷᠭᠢ ᠵᠡᠷᠭᠡ ᠰᠠᠯᠠᠭ᠎ᠠ ᠮᠥᠴᠢᠷ ᠠᠴᠠ ᠲᠥᠷᠥᠯ ᠵᠦᠢᠯ ᠤᠨ ᠮᠥᠷᠳᠡᠨ ᠬᠠᠮᠢᠶᠠᠷᠤᠯᠲᠠ ᠶᠢ

ᠲᠠᠰᠤᠷᠠᠯᠲᠠ ᠦᠭᠡᠢ ᠴᠢᠩᠭᠠᠳᠬᠠᠵᠤ᠂ ᠳᠠᠯᠳᠠ ᠬᠦᠴᠦᠨ ᠢ ᠭᠦᠨᠵᠡᠭᠡᠢ ᠠᠭᠤᠳᠠᠯᠬᠤ ᠪᠦᠲᠦᠮᠵᠢᠲᠡᠢ ᠪᠡᠯᠡ

ᠣᠷᠣᠭᠤᠯᠤᠯᠲᠠ ᠶᠢ ᠲᠣᠭᠲᠠᠭᠠᠪᠠ᠃ ᠨᠥᠭᠦᠭᠡ ᠲᠠᠯ᠎ᠠ ᠪᠠᠷ᠂ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ

ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂

ᠭᠤᠤᠯᠳᠠᠯᠭ᠎ᠠ ᠲᠠᠢ ᠲᠥᠷᠥᠯ ᠵᠦᠢᠯ ᠤᠨ ᠡᠪᠦᠯ ᠤᠨ ᠤᠯᠠᠷᠢᠯ ᠤᠨ ᠪᠠᠷᠢᠯᠭ᠎ᠠ ᠶᠢᠨ ᠠᠵᠢᠯ ᠢ ᠥᠨᠳᠥᠷ

ᠪᠦᠲᠦᠮᠵᠢᠲᠡᠶ ᠪᠠᠷ ᠳᠥᠯᠭᠢᠨ ᠠᠬᠢᠭᠤᠯᠵᠤ᠂ ᠨᠠᠩ ᠣᠯᠠᠨ ᠪᠣᠳᠠᠲᠤ ᠠᠵᠢᠯ ᠤᠨ ᠬᠡᠮᠵᠢᠶ᠎ᠡ ᠶᠢ ᠪᠣᠶ ᠪᠣᠯᠭᠠᠬᠤ ᠶᠢ

ᠵᠣᠷᠢᠭᠵᠢᠭᠤᠯᠤᠨ᠎ᠠ᠃ ︽ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠨᠢ ᠲᠣᠭᠲᠠᠮᠠᠯ ᠬᠥᠷᠥᠩᠭᠡ ᠶᠢᠨ ᠪᠡᠯᠡ

ᠣᠷᠣᠭᠤᠯᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠬᠤᠯᠪᠣᠭᠳᠠᠯ ᠪᠦᠬᠦᠢ ᠠᠵᠤ

ᠦᠢᠯᠡᠰ ᠤᠨ ᠬᠥᠭᠵᠢᠯᠲᠡ ᠶᠢ ᠳᠠᠶᠢᠴᠢᠯᠠᠵᠤ ᠴᠢᠳᠠᠬᠤ ᠪᠠᠷ ᠪᠠᠷᠠᠬᠤ ᠦᠭᠡᠢ᠂ ᠪᠠᠰᠠ ᠠᠵᠢᠯ ᠣᠯᠭᠤᠬᠤ ᠲᠣᠬᠢᠶᠠᠯ ᠢ

ᠡᠭᠦᠳᠴᠦ᠂ ᠠᠵᠤ ᠠᠬᠤᠢ ᠶᠢᠨ ᠨᠡᠮᠡᠭᠳᠡᠯ ᠢ ᠤᠷᠮᠠᠰᠢᠭᠤᠯᠤᠨ᠎ᠠ᠃ ᠣᠲᠣ ᠪᠣᠯᠲᠠᠯ᠎ᠠ᠂ ᠮᠠᠨ ᠤ ᠬᠤᠲᠠ ᠯᠢᠶᠠᠨ ᠱᠧᠩ

ᠰᠢᠨ᠎ᠡ ᠮᠠᠲ᠋ᠧᠷᠢᠶᠠᠯ ᠢᠶᠠᠷ ᠲᠥᠯᠥᠭᠡᠯᠡᠭᠦᠯᠦᠭᠰᠡᠨ 30 ᠭᠠᠷᠤᠶ ᠴᠢᠬᠤᠯᠠ ᠶᠡᠭᠡ ᠲᠥᠷᠥᠯ ᠵᠦᠢᠯ ᠤᠨ ᠭᠡᠷ᠎ᠡ

ᠲᠣᠭᠲᠠᠬᠤ ᠶᠢ ᠨᠠᠶᠢᠳᠠᠪᠤᠷᠢᠵᠢᠭᠤᠯᠬᠤ᠂ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ᠂ ᠠᠰᠢᠭᠯᠠᠯᠲᠠ ᠳᠤ

ᠣᠷᠣᠭᠤᠯᠤᠨ ᠠᠵᠢᠯᠯᠠᠬᠤ ᠵᠡᠷᠭᠡ ᠠᠳᠠᠯᠢ ᠪᠤᠰᠤ ᠱᠠᠲᠤᠨ ᠤ ᠡᠭᠦᠷᠭᠡ ᠶᠢ ᠲᠣᠰ ᠲᠣᠰ ᠪᠡᠶᠡᠯᠡᠭᠦᠯᠵᠦ᠂ ᠠᠵᠢᠯ

ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠨᠢ 45.7% ᠳᠤ ᠬᠦᠷᠴᠦ᠂ ᠲᠥᠷᠥᠯ ᠵᠦᠢᠯ ᠤᠨ ︿ᠠᠵᠢᠯ

ᠡᠬᠢᠯᠡᠭᠦᠯᠬᠦ ᠨᠣᠮᠧᠷ︾ ᠢ ᠪᠥᠬᠦ ᠲᠠᠯ᠎ᠠ ᠪᠠᠷ ᠬᠠᠩᠭᠢᠨᠠᠭᠤᠯᠪᠠ᠃ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ

ᠡᠷᠬᠢᠯᠡᠭᠴᠢ ᠦ᠋ ᠶᠢᠨ ᠯᠢᠶᠠᠩ ᠬᠡᠯᠡᠪᠡ᠃

   ᠨᠢᠭᠡᠳᠦᠭᠡᠷ ᠤᠯᠠᠷᠢᠯ ᠤᠨ ︽ᠬᠤᠣᠰ ᠵᠠᠭᠤᠨ ᠨᠡᠮᠡᠭᠳᠡᠯ︾ ᠤᠨ ᠬᠦᠴᠦᠷᠬᠡᠭ ᠶᠡᠭᠡ ᠲᠤᠭ᠎ᠠ ᠪᠠᠷᠢᠮᠲᠠ ᠪᠣᠯ

ᠬᠤᠤᠯᠢᠩᠭᠤᠤᠯ ᠤᠨ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠤᠨ ᠪᠡᠯᠭᠡ ᠲᠡᠮᠳᠡᠭ ᠪᠣᠯᠬᠤ ᠪᠥᠭᠡᠳ

ᠪᠠᠰᠠ ᠴᠤ ᠡᠨᠡ ᠬᠦ ᠬᠤᠳᠠ ᠶᠢᠨ ᠰᠢᠨ᠎ᠡ ᠴᠠᠭ ᠦᠶ᠎ᠡ ᠶᠢᠨ ᠬᠡᠯᠪᠡᠷᠢ ᠪᠠᠨ ᠬᠤᠪᠢᠷᠠᠭᠤᠯᠬᠤ ᠨᠠᠶᠢᠷᠠᠯ ᠬᠥᠭᠵᠢᠮ ᠤᠨ

ᠠᠮᠢᠳᠤᠯᠢᠭ ᠦᠵᠡᠭᠦᠯᠦᠯᠭᠡ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠬᠤᠤᠯᠢᠩᠭᠤᠤᠯ ᠬᠤᠲᠠ ︽ᠲᠥᠷᠥᠯ

ᠵᠦᠢᠯ ᠢᠶᠠᠷ ᠭᠤᠤᠯ ᠪᠣᠯᠭᠠᠵᠤ᠂ ᠬᠤᠳᠠᠯᠳᠤᠭᠠᠴᠢᠨ ᠤᠷᠢᠬᠤ ᠪᠠᠷ ᠭᠤᠤᠯ ᠪᠣᠯᠭᠠᠬᠤ︾ ᠣᠶᠢᠯᠠᠭᠠᠭᠳᠠᠬᠤᠨ ᠢ

ᠪᠠᠷᠢᠮᠲᠠᠯᠠᠵᠤ᠂ ︽ᠨᠡᠭᠦᠷᠡᠰᠦ ᠴᠠᠬᠢᠯᠭᠠᠨ ᠲᠣᠤᠷ ᠤᠨ ᠬᠦᠩᠭᠡᠨᠴᠠᠭᠠᠨ ᠤ ᠨᠡᠭᠦᠷᠡᠰᠦ ᠶᠢᠨ ᠨᠡᠭᠦᠷᠡᠰᠦ ᠶᠢᠨ

ᠬᠠᠮᠵᠢᠯᠴᠠᠭ᠎ᠠ︾ ᠶᠢᠨ ᠬᠠᠮᠵᠢᠯᠴᠠᠨ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠶ

ᠲᠥᠷᠥᠯ ᠵᠦᠢᠯ ᠢ ᠦᠷᠭᠦᠯᠵᠢᠯᠡᠨ ᠲᠥᠯᠥᠪᠵᠢᠭᠦᠯᠦᠨ ᠠᠬᠢᠭᠤᠯᠵᠤ᠂ ᠪᠠᠯᠠ ᠣᠷᠣᠭᠤᠯᠤᠯᠲᠠ ᠶᠢᠨ ᠠᠵᠢᠯᠯᠠᠭᠠᠨ ᠤ

ᠬᠤᠷᠳᠤᠴᠠ ᠪᠠᠨ ᠲᠦᠷᠭᠡᠳᠬᠡᠬᠦ ᠶᠢ ᠬᠦᠴᠦᠯᠡᠨ ᠠᠬᠢᠭᠤᠯᠵᠤ᠂ ︿ᠳᠤᠮᠳᠠᠳᠤ ᠤᠯᠤᠰ · ᠪᠣᠬᠢᠷᠲᠤᠯ ᠥᠬᠡᠶ ᠴᠠᠬᠢᠯᠭᠠᠨ

ᠬᠦᠩᠭᠡᠨᠴᠠᠭᠠᠨ ᠤ ᠬᠤᠲᠠ﹀ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ

ᠦᠢᠯᠡᠳᠪᠦᠷᠢ ᠶᠢᠨ ᠬᠤᠤᠯᠢᠩᠭᠤᠤᠯ ᠤᠨ ᠪᠣᠳᠠᠰ ᠤᠨ ᠰᠠᠭᠤᠷᠢ ᠶᠢ ᠪᠠᠬᠢᠵᠢᠭᠦᠯᠵᠦ᠂ ᠳᠤᠮᠳᠠᠳᠤ ᠤᠯᠤᠰ ᠤᠨ

ᠮᠠᠶ᠋ᠢᠭ ᠤᠨ ᠣᠳᠣᠬᠢᠴᠢᠯᠠᠭᠰᠠᠨ ᠬᠤᠤᠯᠢᠩᠭᠤᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号