4 ᠰᠠᠷ᠎ᠠ ᠶᠢᠨ 25 ᠤ ᠡᠳᠦᠷ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠭᠤᠤᠯᠯᠠᠨ ᠡᠷᠭᠢᠯᠡᠭᠰᠡᠨ ︽ | ᠬᠥᠳᠡᠯᠮᠦᠷᠢ ᠪᠠᠷ ᠬᠠᠮᠤᠭ ᠤᠨ ᠦᠵᠡᠰᠬᠦᠯᠡᠩᠲᠦ ᠰᠠᠶᠢᠬᠠᠨ ᠲᠡᠮᠡᠴᠡᠬᠦ ᠴᠠᠭ ᠦᠶ᠎ᠡ︾ ᠶᠢᠨ ᠬᠤᠤᠯᠢᠩᠭᠤᠤᠯ | ᠬᠤᠲᠠ ᠶᠢᠨ ︽5 · 1︾ ᠤ ᠬᠥᠳᠡᠯᠮᠦᠷᠢ ᠶᠢᠨ ᠵᠢᠱᠢᠶᠡᠴᠢ ᠶᠢᠨ ᠤᠷᠠᠨ ᠳᠠᠷᠬᠠᠨ ᠤ ᠶᠠᠷᠢᠯᠴᠠᠬᠤ ᠬᠤᠷᠠᠯ ᠵᠢᠴᠢ ︽ | ᠲᠠᠪᠤ ᠶᠢ ᠣᠷᠣᠭᠤᠯᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠡᠬᠢᠯᠡᠯᠲᠡ ᠶᠢᠨ ᠬᠤᠷᠠᠯ ᠬᠤᠲᠠ ᠶᠢᠨ | ᠠᠵᠢᠯᠴᠢᠨ ᠤ ᠰᠣᠶᠣᠯ ᠤᠨ ᠣᠷᠳᠣᠨ ᠳᠤ ᠶᠠᠪᠤᠭᠳᠠᠵᠤ᠂ ᠬᠤᠲᠠ ᠶᠢᠨ ᠤᠳᠤᠷᠢᠳᠤᠯᠭ᠎ᠠ ᠭᠤᠤ ᠵᠢᠶ ᠶᠧ᠂ ᠭᠤᠤ ᠶᠢᠨ | ᡁᠢ ᠬᠤᠷᠠᠯ ᠳᠤ ᠣᠷᠣᠯᠴᠠᠵᠤ᠂ ᠪᠥᠬᠦ ᠬᠤᠲᠠ ᠶᠢᠨ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ | ᠂ ᠬᠤᠲᠠ ᠶᠢᠨ ᠲᠠᠰ ᠤᠨ ᠬᠥᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢ᠂ ᠦᠨᠳᠦᠰᠦᠨ ᠱᠠᠲᠤᠨ ᠤ | ᠠᠵᠢᠯᠴᠢᠨ ᠤ ᠡᠪᠯᠡᠯ ᠤᠨ ᠲᠡᠷᠢᠭᠦᠯᠡᠭᠴᠢ ᠪᠣᠯᠤᠨ ᠬᠤᠲᠠ ᠳᠤ ᠰᠠᠭᠤᠭ᠎ᠠ ᠬᠡᠰᠡᠭ ᠠᠵᠤ ᠠᠬᠤᠶᠢᠯᠠᠯᠲᠠᠨ᠂ ᠬᠤᠲᠠ ᠶᠢᠨ | ᠠᠵᠢᠯᠴᠢᠨ ᠤ ᠶᠡᠷᠦᠩᠬᠡᠶ ᠡᠪᠯᠡᠯ ᠤᠨ ᠭᠤᠤᠯ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠥᠳᠡᠯᠮᠦᠷᠢ ᠶᠢᠨ ᠵᠢᠱᠢᠶᠡᠴᠢ ᠶᠢᠨ ︽ᠲᠠᠪᠤ ᠶᠢ ᠣᠷᠣᠭᠤᠯᠬᠤ︾ ᠶᠢ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠵᠤ᠂ ︽ᠬᠥᠳᠡᠯᠮᠦᠷᠢ ᠶᠢᠨ ᠵᠢᠱᠢᠶᠡᠴᠢ ᠶᠢᠨ | ᠤᠷᠠᠨ ᠳᠠᠷᠬᠠᠨ ᠤ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠭᠰᠡᠨ ᠪᠥᠭᠡᠳ ᠬᠡᠰᠡᠭ ᠰᠢᠨ᠎ᠡ ᠬᠠᠭᠤᠴᠢᠨ | ᠬᠥᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢᠳ ᠲᠤ ᠲᠣᠬᠤᠨᠢᠭᠤᠯᠬᠤ ᠮᠥᠩᠭᠦ ᠵᠢᠴᠢ ᠢᠷᠠᠭᠤ ᠠᠯᠳᠠᠷ ᠤᠨ | ᠨᠥᠬᠦᠪᠥᠷᠢ ᠣᠯᠭᠤᠪᠠ᠃ ᠳᠠᠷᠠᠭ᠎ᠠ ᠨᠢ᠂ ᠬᠤᠶᠠᠷ ᠬᠥᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢ ᠶᠢᠨ | ᠲᠡᠮᠡᠴᠡᠯ ᠤᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠪᠠ᠃ | ᠭᠤᠤ ᠵᠢᠢ ᠶᠧ ᠪᠠᠶᠠᠷ ᠤᠨ ᠦᠭᠡ ᠳᠡᠭᠡᠨ ᠰᠠᠭᠤᠵᠤ ᠪᠠᠶᠢᠭ᠎ᠠ ᠡᠯ᠎ᠡ ᠬᠥᠳᠡᠯᠮᠦᠷᠢ ᠶᠢᠨ ᠵᠢᠱᠢᠶᠡᠴᠢ ᠤᠷᠠᠨ | ᠳᠠᠷᠬᠠᠨ᠂ ᠪᠦᠬᠦ ᠬᠤᠳᠠ ᠶᠢᠨ ᠡᠯ᠎ᠡ ᠠᠵᠢᠯ ᠲᠦᠷᠦᠯ ᠤᠨ ᠬᠢᠨ ᠳᠤ ᠡᠷᠡᠯᠬᠡᠭᠯᠡᠨ ᠲᠡᠮᠡᠴᠡᠵᠦ ᠪᠠᠶᠢᠭ᠎ᠠ ᠥᠷᠭᠡᠨ ᠤᠯᠠᠨ | ᠬᠥᠳᠡᠯᠮᠦᠷᠢᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ᠂ | ᠬᠥᠳᠡᠯᠮᠦᠷᠢ ᠶᠢᠨ ᠵᠢᠱᠢᠶᠡᠴᠢ ᠶᠢᠨ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠥᠳᠡᠯᠮᠦᠷᠢ ᠶᠢᠨ | ᠬᠠᠯᠠᠭᠤᠨ ᠰᠡᠳᠬᠢᠯᠭᠡ ᠪᠠᠨ ᠴᠢᠨᠠᠭᠰᠢᠳᠠ ᠪᠠᠳᠠᠷᠠᠭᠤᠯᠵᠤ᠂ ᠡᠭᠦᠳᠦᠨ ᠪᠦᠲᠦᠭᠡᠬᠦ ᠳᠠᠯᠳᠠ ᠴᠢᠳᠠᠪᠤᠷᠢ ᠪᠠᠨ | ᠪᠠᠳᠠᠷᠠᠭᠤᠯᠵᠤ᠂ ᠬᠥᠳᠡᠯᠮᠦᠷᠢ ᠪᠠᠷ ᠳᠠᠮᠵᠢᠭᠤᠯᠤᠨ ᠨᠡᠩ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠦᠢᠯᠡᠴᠢᠯᠡᠭᠴᠢ︾ ᠪᠣᠯᠵᠣ᠂ | ᠬᠥᠳᠡᠯᠮᠦᠷᠢ ᠶᠢᠨ ᠵᠢᠱᠢᠶᠡᠴᠢ ᠶᠢ ᠬᠠᠯᠠᠮᠵᠢᠯᠠᠨ ᠬᠠᠶᠢᠷᠠᠯᠠᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ | ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠨᠠᠶᠢᠳᠠᠪᠤᠷᠢᠵᠢᠭᠤᠯᠵᠤ᠂ ᠬᠥᠳᠡᠯᠮᠦᠷᠢ ᠶᠢᠨ ᠵᠢᠱᠢᠶᠡᠴᠢ ᠶᠢᠨ ᠬᠡᠷ ᠪᠦᠯᠢ᠂ | ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠬᠦ ᠠᠰᠠᠭᠤᠳᠠᠯ ᠢ ᠢᠳᠡᠪᠬᠢᠲᠡᠶ | ᠰᠢᠢᠳᠪᠦᠷᠢᠯᠡᠵᠦ᠂ ᠨᠡᠶᠢᠭᠡᠮ ᠳᠠᠶᠠᠭᠠᠷ ᠲᠤ ᠬᠥᠳᠡᠯᠮᠦᠷᠢ ᠶᠢᠨ ᠵᠢᠱᠢᠶᠡᠴᠢ ᠶᠢ ᠬᠦᠨᠳᠦᠳᠬᠡᠬᠦ᠂ ᠬᠥᠳᠡᠯᠮᠦᠷᠢ ᠶᠢᠨ | ᠵᠢᠱᠢᠶᠡᠴᠢ ᠶᠢ ᠬᠠᠯᠠᠮᠵᠢᠯᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠠᠵᠤ | ᠠᠬᠤᠶᠢᠯᠠᠯ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ︽ᠦᠢᠯᠡᠳᠦᠯᠭᠡᠵᠢᠭᠦᠯᠦᠭᠴᠢ︾ ᠪᠤᠯᠵᠤ᠂ | ᠠᠵᠢᠯᠳᠠᠨ ᠠᠵᠢᠯᠴᠢᠨ ᠳᠤ ᠦᠰᠦᠨ ᠪᠤᠶᠢᠵᠢᠬᠤ ᠲᠠᠪᠴᠠᠩ ᠢ ᠦᠷᠭᠦᠯᠵᠢᠯᠡᠨ ᠪᠠᠶᠢᠭᠤᠯᠵᠤ᠂ ᠤᠷ᠎ᠠ ᠴᠢᠳᠠᠪᠤᠷᠢ ᠶᠢ | ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠯᠮᠦᠷᠢ ᠶᠢ ᠢᠷᠠᠭᠤ ᠠᠯᠳᠠᠷᠲᠠᠢ᠂ ᠤᠷ᠎ᠠ ᠴᠢᠳᠠᠪᠤᠷᠢ ᠶᠢ | ᠡᠷᠬᠢᠮ ᠨᠠᠨᠳᠢᠨ᠂ ᠡᠭᠦᠳᠦᠨ ᠪᠦᠲᠦᠭᠡᠯᠲᠡ ᠶᠢᠨ ᠠᠭᠤᠤ ᠶᠡᠭᠡ ᠬᠡᠪ ᠰᠤᠷᠲᠠᠯ ᠪᠣᠯᠭᠠᠬᠤ ᠬᠡᠷᠡᠭᠲᠡᠢ᠃ ᠬᠥᠳᠡᠯᠮᠦᠷᠢ ᠶᠢᠨ | ᠵᠢᠱᠢᠶᠡᠴᠢ ᠶᠢᠨ ᠵᠣᠷᠢᠭ ᠰᠠᠨᠠᠭᠠᠨ ᠤ ︽ᠲᠠᠪᠤ ᠶᠢ ᠣᠷᠣᠭᠤᠯᠬᠤ︾ ᠶᠢ ᠤᠬᠠᠭᠤᠯᠤᠨ ᠲᠠᠶᠢᠯᠪᠤᠷᠢᠯᠠᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠥᠳᠡᠯᠮᠦᠷᠢ ᠶᠢᠨ ᠵᠢᠱᠢᠶᠡᠴᠢ ᠶᠢᠨ ᠦᠯᠢᠭᠡᠷ᠂ ᠬᠥᠳᠡᠯᠮᠦᠷᠢ ᠶᠢᠨ ᠦᠯᠢᠭᠡᠷ᠂ | ᠤᠷᠠᠨ ᠳᠠᠷᠬᠠᠨ ᠤ ᠦᠯᠢᠭᠡᠷ ᠢ ᠰᠠᠶᠢᠲᠤᠷ ᠶᠠᠷᠢᠵᠤ᠂ ︽ᠬᠥᠳᠡᠯᠮᠦᠷᠢ ᠶᠢᠨ ᠵᠢᠱᠢᠶᠡᠴᠢ ᠶᠢᠨ ᠤᠷᠠᠨ ᠳᠠᠷᠬᠠᠨ ᠤ ᠵᠣᠷᠢᠭ | ᠰᠠᠨᠠᠭ᠎ᠠ︾ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ | ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠬᠥᠳᠡᠯᠮᠦᠷᠢ ᠶᠢᠨ ᠵᠢᠱᠢᠶᠡᠴᠢ ᠶᠢᠨ | ᠲᠥᠯᠥᠭᠡᠯᠡᠭᠴᠢᠳ ᠲᠤᠰ ᠲᠤᠰ ᠤᠨ ᠬᠦᠷᠢᠶ᠎ᠡ ᠴᠠᠷᠠᠭ᠎ᠠ ᠪᠠ ᠠᠵᠢᠯ ᠤᠨ ᠪᠠᠶᠢᠷᠢ ᠶᠢᠨ ᠲᠣᠭᠤᠷᠢᠨ ᠳᠤ | ᠲᠦᠷᠦᠭᠳᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠲᠤᠷᠰᠢᠯᠭ᠎ᠠ ᠪᠠᠨ ᠰᠣᠯᠢᠯᠴᠠᠵᠤ᠂ ᠥᠪᠡᠷ ᠤᠨ ᠦᠰᠦᠨ ᠪᠤᠶᠢᠵᠢᠵᠤ | ᠲᠡᠮᠡᠴᠡᠭᠰᠡᠨ ᠦᠯᠢᠭᠡᠷ ᠢᠶᠠᠨ ᠬᠤᠪᠢᠶᠠᠯᠴᠠᠪᠠ᠃ |