ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠡᠮᠬᠢ ᠵᠢᠷᠤᠮ ᠲᠠᠢ ᠠᠬᠢᠵᠤ᠂ ᠪᠣᠬᠢᠷᠲᠤᠯ | ᠦᠭᠡᠢ ᠨᠡᠭᠦᠷᠡᠰᠦᠲᠥ᠋ᠷᠥᠭᠴᠢ ᠪᠠᠭ᠎ᠠ ᠬᠦᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠬᠥᠭᠵᠢᠨ | ᠪᠤᠵᠠᠭᠠᠶᠢᠷᠠᠵᠤ᠂ ᠠᠵᠤ ᠦᠢᠯᠡᠳᠪᠦᠷᠢ ᠶᠢᠨ ᠠᠵᠤ ᠦᠢᠯᠡᠰ ᠤᠨ ᠲᠥᠪᠯᠡᠷᠡᠨ ᠬᠥᠭᠵᠢᠬᠦ ᠪᠠᠶᠢᠳᠠᠯ ᠮᠠᠰᠢ ᠰᠠᠶᠢᠨ | ᠪᠠᠶᠢᠨ᠎ᠠ ᠁ ᠡᠨᠡ ᠵᠢᠯ ᠠᠴᠠ ᠨᠠᠭᠠᠰᠢ᠂ ᠬᠤᠤᠯᠢᠩᠭᠤᠤᠯ ᠬᠤᠲᠠ ᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠶᠢᠨ ᠲᠣᠭᠤᠷᠢᠨ ᠳᠤ᠂ ᠪᠠᠯᠠ ᠣᠷᠣᠭᠤᠯᠤᠯᠲᠠ ᠶᠢ | ᠲᠣᠭᠲᠠᠪᠤᠷᠢᠵᠢᠭᠤᠯᠬᠤ᠂ ᠠᠵᠢᠯ ᠡᠬᠢᠯᠡᠭᠦᠯᠬᠦ ᠶᠢ ᠠᠬᠢᠭᠤᠯᠬᠤ ᠰᠢᠷᠢᠰ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ | ᠂ ︽ᠡᠬᠢᠯᠡᠯᠲᠡ ᠶᠢᠨ ᠠᠵᠢᠯ ᠪᠣᠯ ᠰᠢᠢᠳᠪᠦᠷᠢᠲᠦ ᠳᠠᠶᠢᠯᠠᠯᠳᠤᠭᠠᠨ ᠂ ᠡᠬᠢᠯᠡᠯᠲᠡ ᠶᠢᠨ ᠠᠵᠢᠯ ᠡᠬᠢᠯᠡᠬᠦ ᠶᠢ | ᠲᠦᠷᠭᠡᠳᠬᠡᠬᠦ︾ ᠡᠷᠡᠯᠬᠡᠭᠯᠡᠨ ᠤᠷᠤᠭᠰᠢᠯᠠᠬᠤ ᠣᠪᠣᠷ ᠢᠶᠠᠷ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ | ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ︽ᠬᠡᠮᠵᠢᠶ᠎ᠡ ᠶᠢ ᠥᠷᠭᠡᠳᠬᠡᠬᠦ︾ ︽ᠶᠠᠰᠤ ᠴᠢᠨᠠᠷ ᠢ ᠳᠡᠭᠡᠭᠰᠢᠯᠡᠭᠦᠯᠬᠦ︾ | ᠶᠢ ᠵᠡᠷᠭᠡ ᠪᠠᠷ ᠴᠢᠬᠤᠯᠠᠴᠢᠯᠠᠵᠤ᠂ ᠪᠥᠬᠦ ᠬᠤᠲᠠ ᠶᠢᠨ ᠨᠢᠭᠡᠳᠦᠭᠡᠷ ᠤᠯᠠᠷᠢᠯ ᠤᠨ ᠠᠵᠤ ᠠᠬᠤᠶ ᠶᠢᠨ ︽ᠰᠠᠶᠢᠨ | ᠡᠬᠢᠯᠡᠯᠲᠡ︾ ᠶᠢ ᠠᠬᠢᠭᠤᠯᠪᠠ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠨᠢᠭᠡᠳᠦᠭᠡᠷ ᠤᠯᠠᠷᠢᠯ ᠳᠤ | ᠬᠤᠤᠯᠢᠩᠭᠤᠤᠯ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 108.9% ᠪᠠᠷ ᠨᠡᠮᠡᠭᠳᠡᠵᠦ᠂ ᠨᠢᠳᠤᠨᠤᠨ ᠤ ᠬᠢ ᠠᠴᠠ 64.1 ᠵᠠᠭᠤᠨ ᠤ ᠴᠡᠭ ᠳᠡᠭᠡᠭᠰᠢᠯᠡᠪᠡ᠂ ᠡᠭᠦᠨ ᠳᠤ᠂ ᠠᠵᠤ | ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 172% ᠲᠤ ᠬᠦᠷᠴᠦ᠂ ᠬᠤᠶᠠᠷ ᠵᠦᠢᠯ ᠤᠨ ︽ᠵᠠᠭᠤ ᠶᠢ ᠳᠠᠪᠠᠭ᠋ᠤ︾ ᠭᠦᠢᠴᠡᠳᠬᠡᠯ ᠲᠤᠭ᠎ᠠ ᠶᠢᠨ ᠠᠷᠤ ᠳᠤ ᠭᠠᠵᠠᠷ | ᠣᠷᠣᠨ ᠤ ᠣᠷᠣᠨ ᠪᠦᠰᠡ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠴᠠ ᠪᠣᠯᠤᠭᠰᠠᠨ | ᠠᠯᠤᠰ ᠬᠡᠲᠦ ᠶᠢᠨ ᠨᠥᠯᠥᠭᠡ ᠶᠢ ᠳᠠᠯᠳᠠ ᠪᠠᠷ ᠬᠠᠳᠠᠭᠠᠯᠠᠵᠤ ᠪᠠᠶᠢᠨ᠎ᠠ᠃ 4 ᠰᠠᠷ᠎ᠠ ᠶᠢᠨ 25 ᠤ ᠡᠳᠦᠷ᠂ ᠥᠪᠥᠷ | ᠮᠣᠩᠭᠤᠯ ᠤᠨ ᠯᠢᠶᠠᠨ ᠱᠧᠩ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 80 | ᠲᠦᠮᠡᠨ ᠲᠣᠨ ᠳ᠋ᠢᠶᠠᠨ ᡂᠢ ᠶᠢᠨ ᠴᠠᠭᠠᠰᠤ ᠵᠢᠴᠢ ᠢᠵᠢ ᠪᠦᠷᠢᠳᠦᠭᠰᠡᠨ ᠡᠭᠦᠰᠬᠡᠷ ᠮᠠᠲ᠋ᠧᠷᠢᠶᠠᠯ ᠤᠨ ᠲᠦᠷᠦᠯ | ᠵᠦᠢᠯ ᠤᠨ ᠦᠢᠯᠡᠳᠪᠦᠷᠢᠯᠡᠯ ᠤᠨ ᠲᠠᠰᠤᠭ ᠲᠤ᠂ ᠲᠤᠬᠠᠢ ᠶᠢᠨ ᠲᠠᠯᠠᠪᠠᠢ ᠳᠤ ᠮᠠᠰᠢᠨ ᠮᠧᠬᠠᠨᠢᠭ ᠢᠶᠠᠷ ᠠᠵᠢᠯᠯᠠᠭᠤᠯᠬᠤ | ᠳᠠᠭᠤᠨ ᠠᠳᠡ ᠲᠡᠨᠳᠡ ᠦᠭᠡᠢ ᠭᠠᠷᠴᠤ᠂ ᠦᠢᠯᠡᠳᠪᠦᠷᠢᠯᠡᠯ ᠤᠨ ᠱᠤᠭᠤᠮ ᠨᠢ ᠪᠦᠬᠦ ᠬᠦᠴᠦᠨ ᠢᠶᠠᠷ ᠢᠶᠠᠨ | ᠡᠷᠭᠢᠯᠳᠦᠵᠦ᠂ ᠮᠥᠩᠭᠦᠨ ᠴᠠᠭᠠᠨ ᠥᠩᠭᠡᠲᠡᠢ ᠬᠦᠩᠭᠡᠨᠴᠠᠭᠠᠨ ᠴᠠᠭᠠᠰᠤ ᠬᠦᠷᠬᠢᠷ᠎ᠡ ᠮᠡᠲᠦ ᠲᠦᠷᠭᠡᠨ ᠪᠠᠭᠤᠪᠠ᠃ ︽ | ᠣᠳᠣᠬᠠᠨ ᠳᠤ ᠪᠢᠳᠡ ᠨᠢᠭᠡᠨᠲᠡ 29 ᠵᠤᠷᠪᠤᠰ ᠬᠡᠪᠰᠢᠭᠦᠯᠬᠦ ᠤᠲᠠᠰᠤ᠂ 16 ᠵᠤᠷᠪᠤᠰ ᠴᠠᠭᠠᠰᠤᠨ ᠬᠡᠪᠰᠢᠭᠦᠯᠬᠦ | ᠤᠲᠠᠰᠤ᠂ 2 ᠵᠤᠷᠪᠤᠰ ᠬᠦᠢᠲᠡᠨ ᠬᠡᠪᠰᠢᠭᠦᠯᠬᠦ ᠤᠲᠠᠰᠤ᠂ 4 ᠵᠤᠷᠪᠤᠰ ᠳᠠᠪᠬᠤᠷᠯᠠᠬᠤ ᠱᠤᠭᠤᠮ᠂ 25 ᠵᠤᠷᠪᠤᠰ | ᠳ᠋ᠢᠶᠠᠨ ᡂᠢ ᠶᠢᠨ ᠢᠯᠲᠠᠰᠤ ᠶᠢᠨ ᠦᠢᠯᠡᠳᠪᠦᠷᠢᠯᠡᠯ ᠤᠨ ᠱᠤᠭᠤᠮ ᠢ ᠠᠰᠢᠭᠯᠠᠯᠲᠠ ᠳᠤ ᠣᠷᠣᠭᠤᠯᠪᠠ᠃ ᠶᠠᠭ | ᠰᠠᠶᠢᠬᠠᠨ ᠤᠭᠰᠠᠷᠠᠵᠤ ᠪᠠᠶᠢᠭ᠎ᠠ 1 ᠰᠢᠷᠬᠡᠭ᠂ 2 ᠴᠢᠳᠬᠤᠮᠠᠯ ᠤᠲᠠᠰᠤ ᠨᠢ ᠡᠨᠡ ᠵᠢᠯ ᠤᠨ 6 ᠰᠠᠷ᠎ᠠ ᠳᠤ | ᠠᠰᠢᠭᠯᠠᠯᠲᠠ ᠳᠤ ᠣᠷᠣᠵᠤ ᠴᠢᠳᠠᠨ᠎ᠠ ︾ ᠭᠡᠵᠦ ᠥᠪᠥᠷ ᠮᠣᠩᠭᠤᠯ ᠤᠨ ᠯᠢᠶᠠᠨ ᠱᠧᠩ ᠰᠢᠨ᠎ᠡ ᠡᠨᠧᠷᠭᠢ ᠶᠢᠨ | ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠤᠨ ᠲᠤᠰᠠᠯᠠᠭᠴᠢ ᠰᠢᠤᠸᠠᠢ ᠪᠥᠸᠧ ᠢᠦᠢ | ᠰᠤᠷᠪᠤᠯᠵᠢᠯᠠᠭᠴᠢ ᠳᠤ ᠲᠠᠨᠢᠯᠴᠠᠭᠤᠯᠪᠠ᠃ | | | | | ᠣᠶᠢᠯᠠᠭᠠᠭᠰᠠᠨ ᠢᠶᠠᠷ᠂ ᠵᠢᠯ ᠤᠨ ᠡᠬᠢᠨ ᠳᠤ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ | ᠨᠠᠰᠢ᠂ ᠬᠤᠤᠯᠢᠩᠭᠤᠤᠯ ᠬᠤᠲᠠ ᠶᠢᠨ ᠵᠠᠰᠠᠭ ᠤᠨ ᠣᠷᠳᠣᠨ ᠪᠡᠯᠡ ᠣᠷᠣᠭᠤᠯᠤᠯᠲᠠ ᠶᠢ ᠪᠠᠲᠤᠳᠬᠠᠵᠤ ᠠᠵᠢᠯ ᠤᠨ | ᠴᠢᠭᠯᠡᠯ ᠢ ᠲᠣᠭᠲᠠᠭᠠᠪᠠ᠄ ᠨᠢᠭᠡ ᠲᠠᠯ᠎ᠠ ᠪᠠᠷ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ᠂ ᠡᠨᠧᠷᠭᠢ ᠵᠡᠷᠭᠡ ᠰᠠᠯᠠᠭ᠎ᠠ ᠮᠥᠴᠢᠷ ᠠᠴᠠ ᠲᠥᠷᠥᠯ ᠵᠦᠢᠯ ᠤᠨ ᠮᠥᠷᠳᠡᠨ ᠬᠠᠮᠢᠶᠠᠷᠤᠯᠲᠠ ᠶᠢ | ᠲᠠᠰᠤᠷᠠᠯᠲᠠ ᠦᠭᠡᠢ ᠴᠢᠩᠭᠠᠳᠬᠠᠵᠤ᠂ ᠳᠠᠯᠳᠠ ᠬᠦᠴᠦᠨ ᠢ ᠭᠦᠨᠵᠡᠭᠡᠢ ᠠᠭᠤᠳᠠᠯᠬᠤ ᠪᠦᠲᠦᠮᠵᠢᠲᠡᠢ ᠪᠡᠯᠡ | ᠣᠷᠣᠭᠤᠯᠤᠯᠲᠠ ᠶᠢ ᠲᠣᠭᠲᠠᠭᠠᠪᠠ᠃ ᠨᠥᠭᠦᠭᠡ ᠲᠠᠯ᠎ᠠ ᠪᠠᠷ᠂ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ | ᠭᠤᠤᠯᠳᠠᠯᠭ᠎ᠠ ᠲᠠᠢ ᠲᠥᠷᠥᠯ ᠵᠦᠢᠯ ᠤᠨ ᠡᠪᠦᠯ ᠤᠨ ᠤᠯᠠᠷᠢᠯ ᠤᠨ ᠪᠠᠷᠢᠯᠭ᠎ᠠ ᠶᠢᠨ ᠠᠵᠢᠯ ᠢ ᠥᠨᠳᠥᠷ | ᠪᠦᠲᠦᠮᠵᠢᠲᠡᠶ ᠪᠠᠷ ᠳᠥᠯᠭᠢᠨ ᠠᠬᠢᠭᠤᠯᠵᠤ᠂ ᠨᠠᠩ ᠣᠯᠠᠨ ᠪᠣᠳᠠᠲᠤ ᠠᠵᠢᠯ ᠤᠨ ᠬᠡᠮᠵᠢᠶ᠎ᠡ ᠶᠢ ᠪᠣᠶ ᠪᠣᠯᠭᠠᠬᠤ ᠶᠢ | ᠵᠣᠷᠢᠭᠵᠢᠭᠤᠯᠤᠨ᠎ᠠ᠃ ︽ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠨᠢ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠬᠤᠯᠪᠣᠭᠳᠠᠯ ᠪᠦᠬᠦᠢ ᠠᠵᠤ | ᠦᠢᠯᠡᠰ ᠤᠨ ᠬᠥᠭᠵᠢᠯᠲᠡ ᠶᠢ ᠳᠠᠶᠢᠴᠢᠯᠠᠵᠤ ᠴᠢᠳᠠᠬᠤ ᠪᠠᠷ ᠪᠠᠷᠠᠬᠤ ᠦᠭᠡᠢ᠂ ᠪᠠᠰᠠ ᠠᠵᠢᠯ ᠣᠯᠭᠤᠬᠤ ᠲᠣᠬᠢᠶᠠᠯ ᠢ | ᠡᠭᠦᠳᠴᠦ᠂ ᠠᠵᠤ ᠠᠬᠤᠢ ᠶᠢᠨ ᠨᠡᠮᠡᠭᠳᠡᠯ ᠢ ᠤᠷᠮᠠᠰᠢᠭᠤᠯᠤᠨ᠎ᠠ᠃ ᠣᠲᠣ ᠪᠣᠯᠲᠠᠯ᠎ᠠ᠂ ᠮᠠᠨ ᠤ ᠬᠤᠲᠠ ᠯᠢᠶᠠᠨ ᠱᠧᠩ | ᠰᠢᠨ᠎ᠡ ᠮᠠᠲ᠋ᠧᠷᠢᠶᠠᠯ ᠢᠶᠠᠷ ᠲᠥᠯᠥᠭᠡᠯᠡᠭᠦᠯᠦᠭᠰᠡᠨ 30 ᠭᠠᠷᠤᠶ ᠴᠢᠬᠤᠯᠠ ᠶᠡᠭᠡ ᠲᠥᠷᠥᠯ ᠵᠦᠢᠯ ᠤᠨ ᠭᠡᠷ᠎ᠡ | ᠲᠣᠭᠲᠠᠬᠤ ᠶᠢ ᠨᠠᠶᠢᠳᠠᠪᠤᠷᠢᠵᠢᠭᠤᠯᠬᠤ᠂ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ᠂ ᠠᠰᠢᠭᠯᠠᠯᠲᠠ ᠳᠤ | ᠣᠷᠣᠭᠤᠯᠤᠨ ᠠᠵᠢᠯᠯᠠᠬᠤ ᠵᠡᠷᠭᠡ ᠠᠳᠠᠯᠢ ᠪᠤᠰᠤ ᠱᠠᠲᠤᠨ ᠤ ᠡᠭᠦᠷᠭᠡ ᠶᠢ ᠲᠣᠰ ᠲᠣᠰ ᠪᠡᠶᠡᠯᠡᠭᠦᠯᠵᠦ᠂ ᠠᠵᠢᠯ | ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠨᠢ 45.7% ᠳᠤ ᠬᠦᠷᠴᠦ᠂ ᠲᠥᠷᠥᠯ ᠵᠦᠢᠯ ᠤᠨ ︿ᠠᠵᠢᠯ | ᠡᠬᠢᠯᠡᠭᠦᠯᠬᠦ ᠨᠣᠮᠧᠷ︾ ᠢ ᠪᠥᠬᠦ ᠲᠠᠯ᠎ᠠ ᠪᠠᠷ ᠬᠠᠩᠭᠢᠨᠠᠭᠤᠯᠪᠠ᠃ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠡᠷᠬᠢᠯᠡᠭᠴᠢ ᠦ᠋ ᠶᠢᠨ ᠯᠢᠶᠠᠩ ᠬᠡᠯᠡᠪᠡ᠃ | | | | | ᠨᠢᠭᠡᠳᠦᠭᠡᠷ ᠤᠯᠠᠷᠢᠯ ᠤᠨ ︽ᠬᠤᠣᠰ ᠵᠠᠭᠤᠨ ᠨᠡᠮᠡᠭᠳᠡᠯ︾ ᠤᠨ ᠬᠦᠴᠦᠷᠬᠡᠭ ᠶᠡᠭᠡ ᠲᠤᠭ᠎ᠠ ᠪᠠᠷᠢᠮᠲᠠ ᠪᠣᠯ | ᠬᠤᠤᠯᠢᠩᠭᠤᠤᠯ ᠤᠨ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠤᠨ ᠪᠡᠯᠭᠡ ᠲᠡᠮᠳᠡᠭ ᠪᠣᠯᠬᠤ ᠪᠥᠭᠡᠳ | ᠪᠠᠰᠠ ᠴᠤ ᠡᠨᠡ ᠬᠦ ᠬᠤᠳᠠ ᠶᠢᠨ ᠰᠢᠨ᠎ᠡ ᠴᠠᠭ ᠦᠶ᠎ᠡ ᠶᠢᠨ ᠬᠡᠯᠪᠡᠷᠢ ᠪᠠᠨ ᠬᠤᠪᠢᠷᠠᠭᠤᠯᠬᠤ ᠨᠠᠶᠢᠷᠠᠯ ᠬᠥᠭᠵᠢᠮ ᠤᠨ | ᠠᠮᠢᠳᠤᠯᠢᠭ ᠦᠵᠡᠭᠦᠯᠦᠯᠭᠡ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠬᠤᠤᠯᠢᠩᠭᠤᠤᠯ ᠬᠤᠲᠠ ︽ᠲᠥᠷᠥᠯ | ᠵᠦᠢᠯ ᠢᠶᠠᠷ ᠭᠤᠤᠯ ᠪᠣᠯᠭᠠᠵᠤ᠂ ᠬᠤᠳᠠᠯᠳᠤᠭᠠᠴᠢᠨ ᠤᠷᠢᠬᠤ ᠪᠠᠷ ᠭᠤᠤᠯ ᠪᠣᠯᠭᠠᠬᠤ︾ ᠣᠶᠢᠯᠠᠭᠠᠭᠳᠠᠬᠤᠨ ᠢ | ᠪᠠᠷᠢᠮᠲᠠᠯᠠᠵᠤ᠂ ︽ᠨᠡᠭᠦᠷᠡᠰᠦ ᠴᠠᠬᠢᠯᠭᠠᠨ ᠲᠣᠤᠷ ᠤᠨ ᠬᠦᠩᠭᠡᠨᠴᠠᠭᠠᠨ ᠤ ᠨᠡᠭᠦᠷᠡᠰᠦ ᠶᠢᠨ ᠨᠡᠭᠦᠷᠡᠰᠦ ᠶᠢᠨ | ᠬᠠᠮᠵᠢᠯᠴᠠᠭ᠎ᠠ︾ ᠶᠢᠨ ᠬᠠᠮᠵᠢᠯᠴᠠᠨ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠶ | ᠲᠥᠷᠥᠯ ᠵᠦᠢᠯ ᠢ ᠦᠷᠭᠦᠯᠵᠢᠯᠡᠨ ᠲᠥᠯᠥᠪᠵᠢᠭᠦᠯᠦᠨ ᠠᠬᠢᠭᠤᠯᠵᠤ᠂ ᠪᠠᠯᠠ ᠣᠷᠣᠭᠤᠯᠤᠯᠲᠠ ᠶᠢᠨ ᠠᠵᠢᠯᠯᠠᠭᠠᠨ ᠤ | ᠬᠤᠷᠳᠤᠴᠠ ᠪᠠᠨ ᠲᠦᠷᠭᠡᠳᠬᠡᠬᠦ ᠶᠢ ᠬᠦᠴᠦᠯᠡᠨ ᠠᠬᠢᠭᠤᠯᠵᠤ᠂ ︿ᠳᠤᠮᠳᠠᠳᠤ ᠤᠯᠤᠰ · ᠪᠣᠬᠢᠷᠲᠤᠯ ᠥᠬᠡᠶ ᠴᠠᠬᠢᠯᠭᠠᠨ | ᠬᠦᠩᠭᠡᠨᠴᠠᠭᠠᠨ ᠤ ᠬᠤᠲᠠ﹀ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ | ᠦᠢᠯᠡᠳᠪᠦᠷᠢ ᠶᠢᠨ ᠬᠤᠤᠯᠢᠩᠭᠤᠤᠯ ᠤᠨ ᠪᠣᠳᠠᠰ ᠤᠨ ᠰᠠᠭᠤᠷᠢ ᠶᠢ ᠪᠠᠬᠢᠵᠢᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠬᠤᠤᠯᠢᠩᠭᠤᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | | | | |